ᠠᠯᠠᠱᠠ ᠠᠶᠢᠮᠠᠭ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ ᠴᠢᠷᠮᠠᠶᠢᠨ ᠣᠯᠪᠠ
ᠨᠡᠶᠢᠲᠡᠯᠡᠭᠰᠡᠨ ᠴᠠᠭ᠄
2023/8/10
     ᠣᠶᠢᠷ᠎ᠠ ᠳᠤ᠂ ᠠᠯᠠᠱᠠ ᠠᠶᠢᠮᠠᠭ ︽ᠲᠠᠪᠤᠨ ᠶᠡᠭᠡ ᠡᠭᠦᠷᠭᠡ︾᠎ ᠶᠢᠨ ᠪᠠᠲᠤᠯᠠᠭ᠎ᠠ ᠶᠢ ᠳᠡᠮᠵᠢᠬᠦ ᠬᠠᠮᠢᠶ᠎ᠠ ᠪᠥᠬᠦᠶ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 1 ᠳ᠋ᠦᠩᠰᠢᠭᠤᠷ ᠲᠥᠭᠦᠷᠢᠭ ᠣᠯᠵᠤ᠂ 218 ᠮᠤᠵᠢ ᠶᠢᠨ ᠵᠠᠮ ᠤᠨ ᠴᠠᠩ ᠯᠢᠦ ᠱᠦᠶ ᠠᠴᠠ ᠵᠥᠩ ᠸᠧᠶ ᠬᠥᠷᠬᠦ ᠬᠡᠰᠡᠭ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠣᠯᠤᠨ᠎ᠠ᠃      ᠣᠶᠢᠷ᠎ᠠ ᠶᠢᠨ ᠵᠢᠯ ᠳᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ 2019 ᠣᠨ ᠠᠴᠠ 2023 ᠣᠨ ᠪᠣᠯᠲᠠᠯ᠎ᠠ᠂ ᠰᠦᠶᠳᠬᠡᠯ ᠬᠤᠷᠢᠶᠠᠬᠤ ᠵᠠᠰᠠᠮᠠᠯ ᠵᠠᠮ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 30.55 ᠳ᠋ᠦᠩᠰᠢᠭᠤᠷ ᠲᠥᠭᠦᠷᠢᠭ ᠴᠢᠷᠮᠠᠶᠢᠨ ᠣᠯᠵᠠᠶ᠂ ᠡᠭᠦᠨ ᠳᠤ᠄ 307 ᠤᠯᠤᠰ ᠤᠨ ᠵᠠᠮ ᠤᠨ ᠪᠠᠶᠠᠨᠨᠢᠷᠤᠭᠤᠨ ᠠᠴᠠ ᠶᠠᠪᠠᠷᠠᠢ ᠬᠥᠷᠬᠦ ᠬᠡᠰᠡᠭ ᠤᠨ ᠵᠠᠰᠠᠮᠠᠯ ᠵᠠᠮ 23.6 ᠳ᠋ᠦᠩᠰᠢᠭᠤᠷ ᠲᠥᠭᠦᠷᠢᠭ᠂ 218 ᠮᠤᠵᠢ ᠶᠢᠨ ᠵᠠᠮ ᠤᠨ ᠴᠠᠩ ᠯᠢᠦ ᠱᠦᠶ ᠠᠴᠠ ᠵᠥᠩ ᠸᠧᠶ ᠬᠥᠷᠬᠦ ᠬᠡᠰᠡᠭ ᠤᠨ ᠵᠠᠰᠠᠮᠠᠯ ᠵᠠᠮ 6.95 ᠳ᠋ᠦᠩᠰᠢᠭᠤᠷ ᠲᠥᠭᠦᠷᠢᠭ ᠪᠣᠶ᠃      ᠪᠠᠯᠠ ᠮᠥᠩᠭᠦ ᠶᠢ ᠰᠢᠯᠵᠢᠭᠦᠯᠦᠨ ᠥᠭᠭᠦᠭᠰᠡᠨ ᠤ ᠳᠠᠷᠠᠭ᠎ᠠ᠂ ᠲᠣᠰ ᠲᠣᠪᠴᠢᠶ᠎ᠠ ᠨᠢ ᠲᠥᠷᠥᠯ ᠵᠦᠶᠯ ᠤᠨ ᠨᠢᠭᠡᠴᠢ ᠶᠢ ᠴᠠᠭ ᠲᠤᠬᠠᠶ ᠳᠤ ᠨᠢ ᠰᠢᠮᠳᠠᠭᠤᠯᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠦᠲᠦᠮᠵᠢᠲᠡᠶ ᠬᠡᠷᠡᠭᠯᠡᠭᠦᠯᠵᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠦᠶᠯᠡᠳᠦᠯ ᠢ ᠨᠢ ᠭᠦᠶᠴᠡᠳ ᠪᠠᠳᠠᠷᠠᠭᠤᠯᠵᠤ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ᠪᠥᠬᠦ ᠠᠶᠢᠮᠠᠭ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号