ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︽ᠮᠣᠲ᠋ᠣᠷ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ | ᠨᠥᠬᠦᠴᠡᠯ ᠵᠢᠴᠢ ᠰᠤᠷᠭᠠᠭᠤᠯᠢᠯᠠᠯ ᠤᠨ ᠲᠠᠯᠠᠪᠤᠷ ᠤᠨ ᠮᠡᠷᠭᠡᠵᠢᠯ ᠤᠨ ᠱᠠᠭᠠᠷᠳᠠᠯᠭ᠎ᠠ︾ ︵DB15/T | 3124-2023︶ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠨ ᠨᠡᠶᠢᠲᠡᠯᠡᠪᠡ᠃ ᠲᠣᠰ ᠣᠷᠣᠨ | ᠨᠤᠲᠤᠭ ᠤᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢᠨ ᠲᠥᠪ ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠠᠴᠠ ᠰᠢᠰᠲ᠋ᠧᠮᠵᠢᠭᠦᠯᠦᠨᠡ᠃ ᠬᠡᠷᠡᠭᠵᠢᠭᠦᠯᠬᠦ ᠴᠠᠭ ᠨᠢ 2023 ᠣᠨ ᠤ 9 ᠳ᠋ᠦ᠋ᠭᠡᠷ ᠰᠠᠷ᠎ᠠ ᠶᠢᠨ 3 ᠤ | ᠡᠳᠦᠷ ᠪᠣᠯᠣᠨ᠎ᠠ᠃ ᠡᠨᠡ ᠪᠣᠯ ᠪᠥᠬᠦ ᠤᠯᠤᠰ ᠤᠨ ᠠᠩᠬᠠᠳᠠᠭᠴᠢ ᠮᠣᠲ᠋ᠣᠷ ᠲᠡᠷᠭᠡᠨ ᠤ ᠵᠢᠯᠣᠭᠤᠴᠢ ᠶᠢᠨ | ᠪᠣᠯᠪᠠᠰᠤᠷᠠᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ ᠨᠥᠬᠦᠴᠡᠯ ᠵᠢᠴᠢ ᠰᠤᠷᠭᠠᠭᠤᠯᠢᠯᠠᠯ ᠤᠨ ᠲᠠᠯᠠᠪᠤᠷ ᠤᠨ | ᠮᠡᠷᠭᠡᠵᠢᠯ ᠤᠨ ᠱᠠᠭᠠᠷᠳᠠᠯᠭ᠎ᠠ ᠪᠣᠯᠬᠤ ᠣᠷᠣᠨ ᠨᠤᠲᠤᠭ ᠤᠨ ᠪᠠᠷᠢᠮᠵᠢᠶ᠎ᠠ ᠪᠣᠯᠣᠨ᠎ᠠ᠃ | ︽ᠮᠣᠲ᠋ᠣᠷ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ | ᠨᠥᠬᠦᠴᠡᠯ ᠵᠢᠴᠢ ᠰᠤᠷᠭᠠᠭᠤᠯᠢᠯᠠᠯ ᠤᠨ ᠲᠠᠯᠠᠪᠤᠷ ᠤᠨ ᠮᠡᠷᠭᠡᠵᠢᠯ ᠤᠨ ᠱᠠᠭᠠᠷᠳᠠᠯᠭ᠎ᠠ︾ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠮᠣᠲ᠋ᠣᠷ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠦᠢᠯᠡᠴᠢᠯᠡᠭᠡ | ᠬᠠᠩᠭᠠᠬᠤ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠬᠢᠷᠠᠨ᠎ᠠ᠃ ᠲᠣᠰ | ᠪᠠᠷᠢᠮᠵᠢᠶ᠎ᠠ ᠶᠢ ᠮᠠᠨ ᠤ ᠣᠷᠣᠨ ᠤ ᠵᠢᠯᠣᠭᠤᠴᠢ ᠶᠢᠨ ᠪᠣᠯᠪᠠᠰᠤᠷᠠᠯ ᠤᠨ ᠠᠵᠢᠯ ᠲᠥᠷᠥᠯ ᠤᠨ ᠪᠣᠳᠠᠲᠠᠢ ᠬᠡᠷᠡᠭᠴᠡᠭᠡ | ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ᠂ ᠮᠣᠲ᠋ᠣᠷ ᠲᠡᠷᠭᠡᠨ ᠤ ᠰᠤᠷᠭᠠᠬᠤ ᠲᠡᠷᠭᠡ᠂ ᠰᠤᠷᠭᠠᠭᠤᠯᠢᠯᠠᠯ ᠤᠨ | ᠲᠠᠯᠠᠪᠤᠷ ᠤᠨ ᠬᠡᠪᠴᠢᠶ᠎ᠡ᠂ ᠪᠣᠯᠪᠠᠰᠤᠷᠠᠯ ᠤᠨ ᠲᠥᠷᠥᠯ ᠵᠦᠢᠯ ᠤᠨ ᠲᠦᠭᠦᠭᠡᠷᠦᠮᠵᠢ᠂ ᠪᠠᠯᠠᠳᠭᠡᠮᠵᠢ ᠵᠢᠴᠢ ᠵᠠᠮ ᠤᠨ | ᠨᠥᠬᠦᠴᠡᠯ ᠵᠡᠷᠭᠡ ᠬᠦᠴᠦᠨ ᠵᠦᠢᠯ ᠤᠨ ᠮᠡᠷᠭᠡᠵᠢᠯ ᠤᠨ ᠨᠥᠬᠦᠴᠡᠯ ᠪᠠ ᠵᠠᠩᠭᠢᠯᠠᠭ᠎ᠠ ᠶᠢᠨ ᠪᠣᠯᠵᠣᠯᠲᠤ ᠲᠤᠭ᠎ᠠ | ᠵᠡᠷᠭᠡ ᠳᠤ ᠪᠣᠳᠠᠲᠠᠢ ᠪᠥᠭᠡᠳ ᠨᠠᠷᠢᠯᠢᠭ ᠲᠣᠭᠲᠠᠭᠠᠯ ᠭᠠᠷᠭᠠᠪᠠ᠃ | ᠡᠨᠡ ᠬᠦ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠨᠢ᠂ ᠤᠯᠤᠰ ᠤᠨ ᠪᠠᠷᠢᠮᠵᠢᠶ᠎ᠠ ᠶᠢᠨ | ︽ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠷᠢ ᠬᠡᠮ ᠤᠨ ᠨᠥᠬᠦᠴᠡᠯ︾ | ︵GB/T 30340︶ ᠳᠤ ᠮᠣᠲ᠋ᠣᠷ ᠲᠡᠷᠭᠡᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠬᠡᠰᠡᠭ | ᠬᠤᠭᠤᠰᠤᠨ ᠨᠥᠬᠦᠴᠡᠯ ᠢ ᠨᠥᠬᠦᠪᠦᠷᠢᠯᠡᠵᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ | ᠪᠠᠶᠢᠭᠤᠯᠤᠮᠵᠢ ᠶᠢᠨ ᠮᠣᠲ᠋ᠣᠷ ᠲᠡᠷᠭᠡᠨ ᠤ ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠶᠢ | ᠵᠢᠷᠤᠮᠵᠢᠭᠤᠯᠬᠤ ᠳᠤ ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠦᠨᠳᠦᠰᠦᠨ ᠱᠠᠲᠤᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠣᠲ᠋ᠣᠷ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠳᠠᠩᠰᠠᠯᠠᠬᠤ | ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠳᠤ ᠦᠨᠳᠦᠰᠦᠯᠡᠯ ᠬᠠᠩᠭᠠᠨ᠎ᠠ᠃ ᠮᠠᠨ ᠤ ᠣᠷᠣᠨ ᠤ ᠵᠠᠮ | ᠲᠡᠭᠡᠭᠡᠪᠦᠷᠢ ᠶᠢᠨ ᠠᠵᠢᠯ ᠲᠥᠷᠥᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠵᠢᠯᠣᠭᠤᠴᠢ ᠪᠣᠯᠪᠠᠰᠤᠷᠠᠭᠤᠯᠬᠤ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ︵ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ︶ | |