ᠡᠨᠡ ᠵᠢᠯ ᠤᠨ ᠲᠦᠷᠦᠭᠦᠸ 7 ᠰᠠᠷ᠎ᠠ ᠳᠤ᠂ ᠪᠥᠬᠦ ᠣᠷᠣᠨ ᠳᠤ ᠨᠡᠶᠢᠲᠡ 10.3 ᠳ᠋ᠦᠩᠰᠢᠭᠤᠷ ᠲᠥᠭᠦᠷᠢᠭ ᠤᠨ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠪᠡ
ᠨᠡᠶᠢᠲᠡᠯᠡᠭᠰᠡᠨ ᠴᠠᠭ᠄
2023/8/11
     ᠡᠨᠡ ᠵᠢᠯ ᠤᠨ ᠲᠦᠷᠦᠭᠦᠸ 7 ᠰᠠᠷ᠎ᠠ ᠳᠤ᠂ ᠪᠥᠬᠦ ᠣᠷᠣᠨ ᠳᠤ ᠨᠡᠶᠢᠲᠡ 103094 ᠲᠦᠮᠡᠨ ᠲᠥᠭᠦᠷᠢᠭ ᠤᠨ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ   26%᠎ ᠪᠠᠷ ᠨᠡᠮᠡᠭᠳᠡᠵᠡᠢ᠃      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠯ᠎ᠡ ᠲᠥᠷᠥᠯ ᠤᠨ ᠨᠡᠪᠲᠡᠷᠡᠬᠦ ᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠢᠳᠡᠰᠢᠨ ᠨᠣᠭᠤᠭ᠎ᠠ︾᠎ ᠶᠢᠨ ᠬᠠᠩᠭᠠᠯᠭ᠎ᠠ ᠶᠢ ᠪᠠᠲᠤᠯᠠᠨ᠂ ᠪᠦᠬᠦᠯᠢ ᠲᠡᠷᠭᠡ ᠪᠠᠷ ᠬᠠᠤᠯᠢ ᠶᠣᠰᠣᠭᠠᠷ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠠᠴᠢᠶᠠᠯᠠᠵᠤ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ 23790 ᠲᠦᠮᠡᠨ ᠲᠥᠭᠦᠷᠢᠭ ᠤᠨ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠪᠡ᠃ ᠪᠥᠬᠦ ᠣᠷᠣᠨ ᠤ ᠪᠣᠶ ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠲᠡᠷᠭᠡ ᠬᠥᠰᠬᠡ ᠳᠤ᠂ ETC ᠺᠠᠷᠲ ᠢᠶᠠᠷ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠢ ᠪᠥᠬᠦ ᠲᠤᠭ᠎ᠠ ᠪᠠᠷ ᠲᠤᠰᠢᠶᠠᠭᠰᠠᠨ ᠬᠡᠷᠡᠭᠯᠡᠭᠴᠢ ᠠᠴᠠ 9.5᠎ ᠪᠠᠷ ᠨᠤᠭᠤᠯᠤᠨ ᠪᠤᠳᠤᠵᠤ ᠰᠦᠢᠳᠬᠡᠯ ᠬᠤᠷᠢᠶᠠᠵᠤ᠂ ᠨᠡᠶᠢᠲᠡ 30053 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠡ᠃ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠭᠡᠢ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ 7     ᠰᠠᠭᠤᠳᠠᠯ ᠠᠴᠠ ᠳᠣᠷᠣᠭᠰᠢᠬᠢ ᠪᠠᠭ᠎ᠠ ᠰᠠᠭᠤᠳᠠᠯ ᠤᠨ ᠮᠠᠰᠢᠨ ᠲᠡᠷᠭᠡᠨ ᠤ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠢ 33734 ᠲᠦᠮᠡᠨ ᠲᠥᠭᠦᠷᠢᠭ ᠬᠤᠷᠢᠶᠠᠬᠤ ᠠᠴᠠ ᠬᠡᠯᠲᠦᠷᠢᠭᠦᠯᠪᠡ᠃ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ᠂ ᠠᠶᠤᠯ ᠭᠠᠮᠰᠢᠭ ᠠᠴᠠ ᠠᠪᠤᠷᠠᠬᠤ ᠡᠭᠦᠷᠭᠡ ᠶᠢ ᠭᠦᠢᠴᠡᠳᠬᠡᠵᠦ ᠪᠠᠶᠢᠭ᠎ᠠ ᠲᠡᠷᠭᠡ ᠬᠥᠰᠬᠡ ᠵᠡᠷᠭᠡ ᠨᠡᠪᠲᠡᠷᠡᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠲᠡᠷᠭᠡ ᠬᠥᠰᠬᠡ ᠶᠢ 9114 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠪᠠᠷᠠᠭ᠎ᠠ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠨᠡᠶᠢᠲᠡ 6318 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠡ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠵᠦᠷᠢᠶᠡᠴᠢᠯᠡᠭᠰᠡᠨ 85 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠡ᠃                    ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ             ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号