8 ᠳ᠋ᠤᠭᠠᠷ ᠰᠠᠷ᠎ᠠ ᠶᠢᠨ 11 ᠤ ᠡᠳᠦᠷ᠂ ᠴᠠᠩᠱᠠ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ | ᠰᠤᠷᠭᠠᠭᠤᠯᠢ ᠶᠢᠨ ᠳᠡᠳ᠋ ᠵᠠᠬᠢᠷᠤᠯ ᠬᠤ᠋ ᠶᠦᠩ ᠯᠧ ᠳᠥᠷᠪᠡᠭᠦᠯᠡ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ | ᠬᠦᠷᠢᠶᠡᠯᠡᠩ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠭᠡᠵᠦ | ᠲᠣᠪᠴᠢᠯᠠᠨ᠎ᠠ︶ ᠳᠤ ᠬᠦᠷᠴᠦ ᠪᠠᠶᠢᠴᠠᠭᠠᠨ ᠰᠤᠳᠤᠯᠤᠯᠲᠠ ᠪᠠ ᠰᠣᠯᠢᠯᠴᠠᠭ᠎ᠠ ᠥᠷᠨᠢᠭᠦᠯᠪᠡ᠃ ᠳᠡᠳ᠋ ᠵᠠᠬᠢᠷᠤᠯ | ᠬᠤ᠋ ᠶᠦᠩ ᠯᠧ ᠨᠠᠷ ᠤᠷᠢᠳᠠᠪᠠᠷ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠵᠠᠰᠠᠮᠠᠯ ᠵᠠᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠢ ᠲᠣᠭᠤᠷᠢᠨ ᠦᠵᠡᠵᠦ᠂ ᠪᠠᠰᠠ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠪᠣᠯᠣᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭᠠᠨ ᠤ ᠰᠤᠳᠤᠯᠭᠠᠨ ᠤ ᠲᠥᠪ ᠤᠨ ᠲᠤᠷᠰᠢᠯᠲᠠ ᠶᠢᠨ | ᠲᠠᠰᠤᠭ ᠢ ᠰᠢᠨᠵᠢᠯᠡᠨ ᠪᠠᠶᠢᠴᠠᠭᠠᠭᠰᠠᠨ ᠪᠦᠭᠡᠳ ᠦᠢᠯᠡᠳᠪᠦᠷᠢᠯᠡᠯ ᠵᠢᠭᠠᠨ ᠰᠣᠷᠭᠠᠯᠲᠠ ᠰᠣᠳᠤᠯᠭᠠᠨ ᠤ | ᠬᠠᠮᠲᠤᠷᠠᠯᠴᠠᠭ᠎ᠠ ᠵᠢᠴᠢ ᠴᠢᠳᠠᠪᠤᠷᠢᠲᠠᠨ ᠢ ᠬᠥᠮᠥᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠭᠦᠨᠵᠡᠭᠡᠢ ᠣᠯᠣᠯᠴᠠᠵᠤ᠂ ᠪᠠᠶᠢᠭᠤᠯᠭ᠎ᠠ ᠶᠢᠨ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠤᠷᠭᠠᠭᠤᠯᠢ ᠨᠢᠭᠡᠳᠡᠳ ᠤᠨ ᠲᠥᠯᠥᠭᠡᠯᠡᠭᠴᠢ ᠲᠠᠢ ᠶᠠᠷᠢᠯᠴᠠᠪᠠ᠃ | | | | | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠡᠭᠦᠰᠬᠦ ᠰᠤᠷᠤᠭᠴᠢᠳ ᠤᠨ ᠠᠵᠢᠯ ᠣᠯᠭᠤᠬᠤ᠂ | ᠴᠢᠳᠠᠪᠤᠷᠢᠲᠠᠨ ᠢ ᠬᠥᠮᠥᠵᠢᠭᠦᠯᠬᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ | ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳᠡᠳ᠋ ᠬᠤᠷᠢᠶᠠᠨ ᠳᠠᠷᠤᠭ᠎ᠠ ᠾᠧᠦ ᠬᠦᠶ | ᠰᠤᠷᠭᠠᠭᠤᠯᠢ ᠶᠢᠨ ᠳᠡᠳ᠋ ᠵᠠᠬᠢᠷᠤᠯ ᠬᠤ᠋ ᠶᠦᠩ ᠯᠧ ᠨᠠᠷ ᠤᠨ ᠠᠶᠢᠯᠴᠢᠯᠠᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠵᠦ᠂ ᠲᠡᠷᠡ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ᠂ ᠴᠢᠳᠠᠪᠤᠷᠢᠲᠠᠨ ᠢ | ᠬᠥᠮᠥᠵᠢᠭᠦᠯᠬᠦ ᠵᠡᠷᠭᠡ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠴᠠᠩᠱᠠ ᠶᠢᠨ ᠪᠠᠶᠢᠭᠠᠯᠢ ᠲᠧᠭᠨᠢᠭ ᠤᠨ ᠤᠬᠠᠭᠠᠨ ᠤ | ᠶᠡᠭᠡ ᠰᠤᠷᠭᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ︽ᠴᠠᠩᠱᠠ ᠶᠢᠨ ᠪᠠᠶᠢᠭᠠᠯᠢ | ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠠᠰᠫᠢᠷᠠᠨᠲ ᠬᠥᠮᠥᠵᠢᠭᠦᠯᠬᠦ ᠰᠠᠭᠤᠷᠢᠨ ᠭᠠᠵᠠᠷ︾ ᠪᠣᠯᠣᠨ | ︽ᠠᠺᠠᠳᠧᠮᠢᠴᠢ ᠶᠢᠨ ᠠᠵᠢᠯ ᠤᠨ ᠦᠷᠳᠡᠭᠡ︾ ᠶᠢ ᠬᠠᠮᠲᠤ ᠪᠠᠶᠢᠭᠤᠯᠤᠭᠰᠠᠨ ᠠᠴᠠ ᠨᠠᠭᠠᠰᠢ᠂ ᠬᠤᠶᠠᠷ | ᠲᠠᠯ᠎ᠠ ᠪᠠᠷ ᠢᠶᠠᠨ ᠲᠡᠭᠦᠰᠬᠦ ᠰᠤᠷᠤᠭᠴᠢᠳ ᠤᠨ ᠠᠵᠢᠯ ᠣᠯᠭᠤᠬᠤ᠂ ᠴᠢᠳᠠᠪᠤᠷᠢᠲᠠᠨ ᠢ ᠬᠥᠮᠥᠵᠢᠭᠦᠯᠬᠦ᠂ | ᠦᠢᠯᠡᠳᠪᠦᠷᠢᠯᠡᠯ ᠵᠢᠭᠠᠨ ᠰᠣᠷᠭᠠᠯᠲᠠ ᠰᠣᠳᠤᠯᠭᠠᠨ ᠵᠡᠷᠭᠡ ᠲᠠᠯ᠎ᠠ ᠪᠠᠷ ᠤᠯᠠᠨ ᠵᠢᠯ ᠬᠠᠮᠲᠤᠷᠠᠯᠴᠠᠵᠤ᠂ ᠡᠯᠪᠡᠭ ᠪᠠᠶᠠᠯᠢᠭ | ᠦᠷ᠎ᠡ ᠪᠦᠲᠦᠭᠡᠯ ᠣᠯᠵᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ | ᠬᠦᠷᠢᠶᠡᠯᠡᠩ ᠶᠠᠭ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠤᠢ᠂ ᠬᠤᠶᠠᠷ | ᠲᠠᠯ᠎ᠠ ᠪᠠᠷ ᠢᠶᠠᠨ ᠤᠯᠠᠨ ᠲᠠᠯ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠤᠯᠠᠨ | ᠳᠠᠪᠬᠤᠷᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠬᠠᠮᠲᠤ ᠪᠠᠷ | ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠠᠮᠵᠢᠯᠴᠠᠬᠤ ᠲᠠᠯ᠎ᠠ ᠪᠠᠷ ᠨᠡᠩ ᠶᠡᠭᠡ ᠦᠷ᠎ᠡ | ᠪᠦᠲᠦᠭᠡᠯ ᠣᠯᠬᠤ ᠶᠢ ᠦᠷᠭᠦᠯᠵᠢᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠰᠤᠷᠭᠠᠭᠤᠯᠢ ᠶᠢᠨ ᠳᠡᠳ᠋ ᠵᠠᠬᠢᠷᠤᠯ ᠬᠤ᠋ ᠶᠦᠩ ᠯᠧ ᠴᠠᠩᠱᠠ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ | ᠰᠤᠷᠭᠠᠭᠤᠯᠢ ᠶᠢᠨ ᠲᠣᠶᠢᠮᠣ ᠪᠠᠶᠢᠳᠠᠯ ᠢ ᠲᠠᠨᠢᠯᠴᠠᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ | ᠬᠠᠮᠲᠤᠷᠠᠯᠴᠠᠭᠠᠨ ᠤ ︽ᠴᠠᠩᠱᠠ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠠᠰᠫᠢᠷᠠᠨᠲ | ᠬᠥᠮᠥᠵᠢᠭᠦᠯᠬᠦ ᠰᠠᠭᠤᠷᠢᠨ ᠭᠠᠵᠠᠷ︾ ᠪᠠ ︽ᠠᠺᠠᠳᠧᠮᠢᠴᠢ ᠶᠢᠨ ᠠᠵᠢᠯ ᠤᠨ ᠥᠷᠲᠡᠭᠡ︾ ᠪᠠᠶᠢᠭᠤᠯᠤᠭᠳᠠᠭᠰᠠᠨ ᠠᠴᠠ | ᠨᠠᠭᠠᠰᠢᠬᠢ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠴᠠᠩᠱᠠ ᠶᠢᠨ ᠪᠠᠶᠢᠭᠠᠯᠢ | ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠣᠨᠴᠠᠯᠢᠭ ᠨᠢ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠬᠠᠶᠢᠯᠠᠭᠰᠠᠨ ᠠᠵᠢᠯ ᠲᠠᠢ ᠳᠡᠭᠡᠳᠦ | ᠬᠡᠮᠵᠢᠶ᠎ᠡ ᠪᠠᠷ ᠵᠣᠬᠢᠴᠠᠭᠤᠯᠵᠤ᠂ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠰᠤᠷᠭᠠᠨ ᠬᠥᠮᠦᠵᠢᠯ ᠢ | ᠠᠭᠤᠰᠤᠯᠴᠠᠭᠤᠯᠬᠤ᠂ ᠦᠢᠯᠡᠳᠪᠦᠷᠢᠯᠡᠯ ᠰᠤᠳᠤᠯᠭᠠᠨ ᠢ ᠠᠭᠤᠰᠤᠯᠴᠠᠭᠤᠯᠬᠤ᠂ ᠰᠤᠷᠤᠭᠴᠢᠳ ᠤᠨ ᠠᠵᠢᠯ ᠣᠯᠭᠤᠬᠤ | ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠠᠵᠢᠯ ᠦᠢᠯᠡᠰ ᠤᠨ | ᠬᠠᠮᠲᠤ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | ︵ᠴᠢᠶᠣᠤ ᠸᠧᠨ ᠲᠢᠩ ᠯᠢ ᠵᠧ︶ | |