8 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢᠨ ᠲᠥᠪ ᠠᠴᠠ ᠪᠥᠬᠦ ᠣᠷᠣᠨ ᠤ ᠵᠠᠮ ᠲᠡᠭᠡᠭᠡᠪᠦᠷᠢ ᠶᠢᠨ ︽ᠮᠤᠵᠢ ᠠᠯᠤᠰᠯᠠᠨ ᠨᠡᠶᠢᠳᠡᠮ | ᠬᠦᠢᠴᠡᠳᠭᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠵᠠᠮ ᠲᠡᠭᠡᠭᠡᠪᠦᠷᠢ ᠶᠢᠨ | ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ | | | | | | ᠲᠣᠰ ᠤᠳᠠᠭᠠᠨ ᠤ ᠪᠣᠯᠪᠠᠰᠤᠷᠠᠯ ᠳᠤ ᠵᠠᠮ ᠲᠡᠭᠡᠭᠡᠪᠦᠷᠢ ᠶᠢᠨ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ | ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠬᠦ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠲᠠᠶᠢᠯᠤᠮᠵᠢ ᠬᠢᠬᠦ᠂ ᠰᠢᠰᠲ᠋ᠧᠮ ᠤᠨ ᠠᠵᠢᠯᠯᠠᠭᠠᠨ ᠤ | ᠦᠵᠡᠭᠦᠯᠦᠯᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠩᠬᠠᠷᠬᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠵᠢᠷᠤᠮᠵᠢᠭᠤᠯᠬᠤ ᠶᠢᠨ | ᠬᠠᠮᠲᠤ ᠠᠵᠢᠯᠯᠠᠭᠠᠨ ᠤ ᠶᠠᠪᠤᠴᠠ ᠳᠠᠬᠢ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠲᠠᠶᠢᠯᠤᠮᠵᠢ ᠬᠢᠪᠡ᠃ | ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠵᠢᠴᠢ ᠦᠢᠯᠡᠰ ᠤᠨ ᠬᠥᠭᠵᠢᠯᠲᠡ ᠶᠢᠨ ᠲᠥᠪ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠲᠥᠪ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ 120 | ᠭᠠᠷᠤᠢ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃ | ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ | ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠦᠷ᠎ᠡ ᠪᠦᠲᠦᠮᠵᠢ ᠪᠠ ᠭᠦᠢᠴᠡᠳᠬᠡᠬᠦ ᠠᠵᠢᠯ ᠤᠨ ᠬᠦᠴᠦᠨ ᠲᠠᠢ | ᠬᠤᠭᠤᠴᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠣᠷᠣᠨ ᠤ ᠵᠠᠮ ᠲᠡᠭᠡᠭᠡᠪᠦᠷᠢ ᠶᠢᠨ ᠥᠨᠳᠥᠷ ᠳᠠᠪᠲᠠᠮᠵᠢᠲᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | | ︵ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ︶ |