ᠪᠡᠭᠡᠵᠢᠩ ᠳᠤ ᠣᠷᠣᠬᠤ ᠲᠡᠭᠡᠭᠡᠪᠦᠷᠢ ᠶᠢᠨ ᠵᠠᠮ ᠢ ᠰᠠᠭᠠᠳ ᠦᠭᠡᠢ ᠨᠠᠪᠲᠠᠷᠡᠭᠦᠯᠵᠦ ᠨᠡᠶᠢᠰᠯᠡᠯ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠶᠢ ᠳᠡᠮᠵᠢᠪᠡ
ᠨᠡᠶᠢᠲᠡᠯᠡᠭᠰᠡᠨ ᠴᠠᠭ᠄
2023/8/7
     ᠣᠶᠢᠷ᠎ᠠ ᠳᠤ᠂ ᠪᠡᠭᠡᠵᠢᠩ᠂ ᠾᠧᠪᠧᠢ ᠵᠡᠷᠭᠡ ᠭᠠᠵᠠᠷ ᠲᠤ ᠵᠠᠯᠭᠠᠭ᠎ᠠ ᠪᠠᠷ ᠰᠢᠷᠦᠭᠦᠨ ᠪᠣᠷᠣᠭᠠᠨ ᠣᠷᠣᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠦᠶᠡᠷ ᠤᠨ ᠪᠠᠶᠢᠳᠠᠯ ᠢᠶᠠᠷ ᠵᠠᠷᠯᠢᠭ ᠪᠣᠯᠭᠠᠵᠤ᠂ ᠲᠡᠷᠡ ᠳᠠᠷᠤᠢ ᠳᠤ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠨᠡᠶᠢᠰᠯᠡᠯ ᠢ ᠳᠡᠮᠵᠢᠬᠦ ᠪᠠᠷ ᠭᠤᠶᠤᠴᠢᠯᠠᠵᠤ᠂ ᠪᠡᠭᠡᠵᠢᠩ ᠳᠤ ᠣᠷᠣᠬᠤ ᠲᠡᠭᠡᠭᠡᠪᠦᠷᠢ ᠶᠢᠨ ᠵᠠᠮ ᠢ ᠪᠦᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ︽ᠰᠠᠭᠠᠳ ᠦᠭᠡᠢ ᠨᠡᠪᠲᠡᠷᠡᠬᠦ ᠵᠠᠮ︾᠎ ᠢ ᠨᠡᠭᠡᠭᠡᠵᠦ᠂ ᠰᠢᠯᠢ ᠶᠢᠨ ᠭᠤᠣᠯ ᠠᠶᠢᠮᠠᠭ ᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ 100 ᠲᠣᠨ ᠬᠤᠨᠢᠨ ᠮᠢᠬ᠎ᠠ ᠶᠢ ᠬᠠᠮᠠᠭᠠᠯᠠᠨ ᠪᠡᠭᠡᠵᠢᠩ ᠬᠤᠳᠠ ᠶᠢᠨ ᠮᠧᠨ ᠲᠧᠦ ᠭᠧᠦ ᠪᠣᠯᠣᠨ ᠹᠠᠩᠱᠠᠨ ᠲᠣᠭᠤᠷᠢᠭ ᠲᠤ ᠬᠦᠷᠭᠡᠵᠦ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠲᠡᠷᠡ ᠳᠠᠷᠤᠢ ᠳᠤ ᠨᠢ ᠠᠪᠤᠷᠠᠨ ᠲᠤᠰᠠᠯᠠᠬᠤ ᠨᠢᠭᠡᠳᠦᠭᠡᠷ ᠹᠷᠣᠨᠲ ᠲᠤ ᠬᠦᠷᠭᠡᠵᠦ᠂ ᠤᠯᠠᠨ ᠲᠦᠮᠡᠨ ᠤ ᠭᠠᠷ ᠲᠤ ᠬᠦᠷᠭᠡᠬᠦ ᠶᠢ ᠪᠠᠲᠤᠯᠠᠪᠠ᠃      ᠮᠠᠨ ᠤ ᠣᠷᠣᠨ ᠤ ᠪᠡᠭᠡᠵᠢᠩ ᠳᠤ ᠣᠷᠣᠬᠤ ᠨᠡᠪᠲᠡᠷᠡᠬᠦ ᠵᠠᠮ ᠨᠢ ᠭᠤᠣᠯᠳᠠᠭᠤ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ ᠵᠡᠷᠭᠡ ᠭᠤᠷᠪᠠᠨ ᠠᠶᠢᠮᠠᠭ ᠬᠤᠲᠠ ᠪᠠᠷ ᠥᠩᠭᠡᠷᠡᠵᠦ᠂ ᠨᠡᠶᠢᠲᠡ 15 ᠵᠤᠷᠪᠤᠰ ᠪᠠᠶᠢᠨ᠎ᠠ᠃ ᠡᠭᠦᠨ ᠳᠤ᠂ ᠳᠡᠭᠡᠳᠦ ᠬᠤᠷᠳᠤ ᠶᠢᠨ ᠵᠠᠰᠠᠮᠠᠯ ᠵᠠᠮ 6 ᠵᠤᠷᠪᠤᠰ ᠪᠣᠶ᠂ ᠲᠣᠰ ᠲᠣᠰ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G18 ᠷᠦᠩᠴᠧᠩ ᠠᠴᠠ ᠦᠬᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G45 ᠳ᠋ᠠᠴᠢᠩ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ    ᠵᠠᠮ᠂ G1013 ᠬᠠᠶᠢᠯᠠᠷ ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ᠂ G5516  ᠰᠦᠨᠢᠳ ᠠᠴᠠ ᠬᠤᠸᠠᠳᠧ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ᠎ᠠ︔ ᠡᠩ ᠤᠨ ᠤᠯᠤᠰ ᠤᠨ ᠵᠠᠮ 5 ᠵᠤᠷᠪᠤᠰ᠂ ᠮᠤᠵᠢ ᠶᠢᠨ ᠵᠠᠮ 4 ᠵᠤᠷᠪᠤᠰ ᠪᠣᠢ᠃ ᠪᠡᠭᠡᠵᠢᠩ ᠳᠤ ᠣᠷᠣᠬᠤ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠪᠡᠭᠡᠵᠢᠩ ᠳᠤ ᠣᠷᠣᠬᠤ ᠵᠠᠰᠠᠮᠠᠯ ᠵᠠᠮ ᠤᠨ ᠬᠥᠭᠦᠷᠭᠡ ᠭᠤᠯᠳᠤᠩ᠂ ᠨᠦᠬᠡᠨ ᠵᠠᠮ᠂ ᠤᠷᠲᠤ ᠶᠡᠭᠡ ᠤᠷᠤᠭᠤ ᠭᠠᠵᠠᠷ᠂ ᠣᠭᠵᠣᠮ ᠮᠤᠷᠤᠶᠢᠬᠤ ᠡᠭᠴᠡ ᠬᠥᠲᠥᠯ᠂ ᠤᠰᠤ ᠳᠠᠭᠠᠤ᠂ ᠬᠠᠳᠠ ᠳᠠᠭᠠᠤ᠂ ᠥᠨᠳᠥᠷ ᠬᠦᠪᠡᠭᠡᠨ ᠨᠠᠯᠠᠤ᠂  ᠦᠨᠳᠦᠷ ᠵᠠᠮ ᠤᠨ ᠲᠠᠯᠠᠩ᠂ ᠪᠠᠷᠢᠯᠭ᠎ᠠ ᠶᠢᠨ ᠠᠵᠢᠯ ᠤᠨ ᠵᠠᠮ ᠵᠡᠷᠭᠡ ᠠᠶᠤᠯ ᠲᠦᠭᠰᠢᠭᠦᠷᠢ ᠶᠡᠬᠡᠲᠡᠢ ᠬᠡᠰᠡᠭ ᠪᠠ ᠭᠠᠮᠰᠢᠭ ᠠᠮᠠᠷᠬᠠᠨ ᠡᠭᠦᠰᠳᠡᠭ ᠵᠠᠮ ᠤᠨ ᠬᠡᠰᠡᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠴᠠᠭ ᠲᠤᠬᠠᠢ ᠳᠤ ᠨᠢ ᠰᠢᠢᠳᠪᠦᠷᠢᠯᠡᠪᠡ᠃ ᠣᠳᠣᠬᠠᠨ ᠳᠤ᠂ 15 ᠵᠤᠷᠪᠤᠰ ᠭᠤᠣᠯᠳᠠᠯᠭ᠎ᠠ ᠲᠠᠢ ᠨᠡᠪᠲᠡᠷᠡᠬᠦ ᠵᠠᠮ ᠬᠡᠪ ᠤᠨ ᠪᠠᠶᠢᠳᠠᠯ ᠢᠶᠠᠷ ᠨᠡᠪᠲᠡᠷᠡᠵᠦ ᠪᠠᠶᠢᠨ᠎ᠠ᠃ ᠡᠭᠦᠨ ᠤ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠵᠦ᠂ ᠵᠠᠰᠠᠮᠠᠯ ᠵᠠᠮ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ 687 ᠲᠥᠪᠯᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠡᠭᠡᠭᠡᠪᠦᠷᠢ ᠶᠢᠨ ᠬᠦᠴᠦᠨ ᠢ 1150 ᠰᠠᠤᠷᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢ 11 ᠲᠦᠮᠡᠨ ᠲᠣᠨ ᠰᠢᠬᠠᠮ ᠨᠥᠭᠡᠴᠡᠯᠡᠵᠦ᠂ ᠵᠠᠩᠭᠢᠯᠠᠭ᠎ᠠ ᠶᠢᠨ ᠦᠶ᠎ᠡ ᠳᠤ ᠲᠡᠬᠡᠬᠡᠪᠦᠷᠢᠯᠡᠵᠦ ᠭᠠᠷᠴᠤ ᠳᠡᠶᠢᠯᠬᠦ᠂ ᠬᠡᠷᠡᠭᠯᠡᠵᠦ ᠳᠡᠶᠢᠯᠬᠦ᠂ ᠢᠯᠠᠯᠲᠠ ᠣᠯᠬᠤ ᠶᠢ ᠦᠨᠡᠨ ᠬᠦ ᠪᠠᠲᠤᠯᠠᠪᠠ᠃                                                                           ︵ᠲᠢᠩᠬᠢᠮ ᠤᠨ ᠠᠯᠪᠠᠨ ᠭᠡᠷ ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号