ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠵᠠᠰᠠᠮᠠᠯ ᠵᠠᠮ ᠤᠰᠤᠨ ᠲᠡᠭᠡᠭᠡᠪᠦᠷᠢ ᠶᠢᠨ | ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ | ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ | ᠶᠢ ᠨᠡᠶᠢᠲᠡᠯᠡᠪᠡ᠂ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠯᠪᠣᠭᠳᠠᠯ ᠪᠥᠬᠦᠶ ᠨᠢᠭᠡᠴᠢ ᠪᠣᠯᠤᠨ ᠨᠡᠶᠢᠭᠡᠮ ᠨᠡᠶᠢᠲᠡ ᠶᠢᠨ ᠨᠠᠩ ᠰᠠᠶᠢᠨ ᠤᠶᠢᠯᠠᠭᠠᠨ ᠬᠡᠷᠡᠭᠵᠢᠭᠦᠯᠬᠦ ᠳᠤ ᠲᠥᠭᠦᠮ | ᠦᠵᠡᠭᠦᠯᠵᠦ᠂ ︽ᠠᠷᠭ᠎ᠠ︾ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ | ᠲᠥᠯᠥᠭᠡ᠂ ᠣᠲᠣ ᠳᠣᠤᠷᠠᠬᠢ ᠮᠡᠲᠦ ᠲᠠᠶᠢᠯᠤᠮᠵᠢ ᠬᠢᠵᠡᠢ᠄ | ᠨᠢᠭᠡ᠂ ᠲᠣᠭᠲᠠᠭᠠᠬᠤ ᠶᠢᠨ ᠴᠢᠬᠤᠯᠠ ᠴᠢᠨᠠᠷ | 2005 ᠣᠨ ᠳᠤ᠂ ᠵᠠᠮ ᠬᠠᠷᠢᠯᠴᠠᠭᠠᠨ ᠤ ᠶᠠᠮᠤᠨ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢ | ᠲᠤᠷᠰᠢᠨ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2005 | ᠣᠨ ᠤ 12 ᠳ᠋ᠤᠭᠠᠷ ᠲᠣᠭᠠᠲᠤ᠂ 2016 ᠣᠨ᠂ 2019 ᠣᠨ ᠳᠤ ᠬᠤᠶᠠᠷ ᠤᠳᠠᠭ᠎ᠠ ᠬᠡᠰᠡᠭ ᠭᠠᠵᠠᠷ ᠲᠤ | ᠵᠠᠰᠠᠪᠤᠷᠢ ᠣᠷᠣᠭᠤᠯᠪᠠ︶ ᠶᠢ ᠨᠡᠶᠢᠲᠡᠯᠡᠵᠦ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ | ᠲᠣᠭᠲᠠᠭᠠᠬᠤ ᠲᠦᠷᠢᠮ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯᠯᠠᠭ᠎ᠠ ᠶᠢ ᠰᠢᠰᠲ᠋ᠧᠮ ᠲᠠᠢ ᠵᠢᠷᠤᠮᠵᠢᠭᠤᠯᠪᠠ᠃ | 2022 ᠣᠨ ᠤ 1 ᠳ᠋ᠦ᠋ᠭᠡᠷ ᠰᠠᠷ᠎ᠠ ᠳᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠳᠠᠩᠰᠠ | ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠶᠢᠨ ᠶᠠᠪᠤᠳᠠᠯ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ︶ | ᠳᠤ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ | ᠶᠢᠨ ᠬᠢᠷᠢ ᠬᠡᠮ ᠢ ᠬᠢᠨᠠᠨ ᠵᠥᠪᠰᠢᠶᠡᠷᠡᠬᠦ︾ ᠶᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢᠶᠠᠷ | ᠲᠣᠳᠣᠷᠬᠠᠶᠢᠯᠠᠪᠠ᠃ ᠡᠨᠡ ᠬᠦ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ | ᠵᠢᠷᠤᠮᠵᠢᠭᠤᠯᠵᠤ᠂ ᠬᠡᠷᠡᠭ ᠤᠨ ᠡᠮᠦᠨ᠎ᠡ ᠬᠡᠷᠡᠭ ᠤᠨ ᠳᠣᠮᠳᠠ ᠬᠡᠷᠡᠭ ᠤᠨ ᠬᠤᠶᠢᠨ᠎ᠠ ᠪᠦᠬᠦ ᠬᠡᠯᠬᠢᠶᠡᠨ ᠤ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠬᠠᠭᠤᠴᠢᠨ ᠳᠦᠷᠢᠮ ᠢ ᠬᠦᠴᠦᠨ ᠦᠭᠡᠶ ᠪᠣᠯᠭᠠᠵᠤ᠂ ︽ᠠᠷᠭ᠎ᠠ︾ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠥᠪᠰᠢᠶᠡᠷᠡᠯ ᠤᠨ ᠳᠦᠷᠢᠮ ᠢ ᠪᠠᠶᠢᠭᠤᠯᠪᠠ᠃ | 1. ᠲᠥᠷᠥᠯ ᠬᠤᠪᠢᠶᠠᠨ ᠳᠡᠰ ᠬᠤᠪᠢᠶᠠᠵᠤ ᠵᠥᠪᠰᠢᠶᠡᠷᠡᠬᠦ ᠶᠢ ᠬᠡᠷᠡᠭᠵᠢᠭᠦᠯᠪᠡ᠃ ᠪᠠᠶᠢᠴᠠᠭᠠᠨ ᠬᠡᠮᠵᠢᠬᠦ | ᠬᠡᠪᠴᠢᠶ᠎ᠡ ᠪᠣᠯᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠦᠨᠳᠦᠰᠦᠯᠡᠨ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠬᠢᠷᠢ ᠬᠡᠮ ᠢ ᠵᠠᠰᠠᠮᠠᠯ ᠵᠠᠮ ᠤᠨ ᠪᠠᠷᠢᠯᠭ᠎ᠠ ᠪᠣᠯᠤᠨ ᠤᠰᠤᠨ ᠲᠡᠭᠡᠭᠡᠪᠦᠷᠢ ᠶᠢᠨ ᠪᠠᠷᠢᠯᠭ᠎ᠠ ᠬᠤᠶᠠᠷ ᠲᠤᠰᠬᠠᠶ | ᠮᠡᠷᠭᠡᠵᠢᠯ ᠳᠤ ᠬᠤᠪᠢᠶᠠᠵᠠᠢ᠃ ᠡᠭᠦᠨ ᠳᠤ᠂ ᠵᠠᠰᠠᠮᠠᠯ ᠵᠠᠮ ᠤᠨ ᠪᠠᠷᠢᠯᠭ᠎ᠠ ᠶᠢᠨ ᠲᠤᠰᠬᠠᠶ ᠮᠡᠷᠭᠡᠵᠢᠯ ᠳᠤ ᠬᠥᠬᠡ᠂ | ᠬᠥᠬᠡᠭᠴᠢᠨ᠂ ᠤᠯᠠᠭᠠᠨ ᠲᠠᠰ ᠤᠨ ᠬᠢᠷᠢ ᠬᠡᠮ ᠪᠠ ᠵᠠᠮ ᠬᠠᠷᠢᠯᠴᠠᠭᠠᠨ ᠤ ᠪᠠᠷᠢᠯᠭ᠎ᠠ ᠶᠢᠨ ᠲᠤᠰᠬᠠᠶ ᠵᠦᠶᠯ᠂ ᠬᠥᠭᠦᠷᠭᠡ | ᠨᠦᠬᠡᠨ ᠵᠠᠮ ᠤᠨ ᠪᠠᠷᠢᠯᠭ᠎ᠠ ᠶᠢᠨ ᠲᠤᠰᠬᠠᠶ ᠵᠦᠶᠯ ᠤᠨ ᠬᠢᠷᠢ ᠬᠡᠮ ᠭᠡᠵᠦ ᠲᠣᠬᠢᠷᠠᠭᠤᠯᠪᠠ︔ ᠤᠰᠤᠨ ᠲᠡᠭᠡᠭᠡᠪᠦᠷᠢ | ᠶᠢᠨ ᠪᠠᠷᠢᠯᠭ᠎ᠠ ᠶᠢᠨ ᠲᠤᠰᠬᠠᠶ ᠮᠡᠷᠭᠡᠵᠢᠯ ᠢ ᠮᠠᠲ᠋ᠧᠷᠢᠶᠠᠯ ᠤᠨ ᠲᠥᠷᠥᠯ ᠪᠠ ᠪᠦᠲᠦᠴᠡ ᠶᠢᠨ ᠲᠥᠷᠥᠯ ᠭᠡᠵᠦ ᠬᠤᠪᠢᠶᠠᠨ᠂ | ᠮᠠᠲ᠋ᠧᠷᠢᠶᠠᠯ ᠤᠨ ᠲᠥᠷᠥᠯ ᠳᠤ ᠬᠥᠬᠡ᠂ ᠬᠥᠬᠡᠭᠴᠢᠨ᠂ ᠤᠯᠠᠭᠠᠨ ᠲᠠᠰ ᠤᠨ ᠬᠢᠷᠢ ᠬᠡᠮ᠂ ᠪᠦᠲᠦᠴᠡ ᠶᠢᠨ ᠲᠥᠷᠥᠯ | ᠳᠤ ᠬᠥᠬᠡ᠂ ᠬᠥᠬᠡᠭᠴᠢᠨ ᠲᠠᠰ ᠤᠨ ᠬᠢᠷᠢ ᠬᠡᠮ ᠭᠡᠵᠦ ᠲᠤᠬᠢᠷᠠᠭᠤᠯᠵᠠᠢ᠃ ᠭᠤᠶᠤᠴᠢᠯᠠᠭᠴᠢ ᠠᠳᠠᠯᠢ ᠪᠤᠰᠤ ᠲᠤᠰᠬᠠᠢ | ᠮᠡᠷᠭᠡᠵᠢᠯ᠂ ᠠᠳᠠᠯᠢ ᠪᠤᠰᠤ ᠵᠡᠷᠭᠡ ᠳᠡᠰ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠠᠮᠲᠤ ᠳᠤ ᠨᠢ | ᠭᠤᠶᠤᠴᠢᠯᠠᠵᠤ ᠪᠣᠯᠤᠨ᠎ᠠ᠃ | 2. ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠪᠣᠯᠤᠨ ᠵᠥᠪᠰᠢᠶᠡᠷᠡᠬᠦ ᠨᠥᠬᠦᠴᠡᠯ ᠢ ᠲᠣᠳᠣᠷᠬᠠᠶᠢᠯᠠᠪᠠ᠃ | ᠨᠢᠭᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠲᠠᠰ᠂ ᠵᠠᠮ | ᠬᠠᠷᠢᠯᠴᠠᠭᠠᠨ ᠤ ᠪᠠᠷᠢᠯᠭ᠎ᠠ ᠶᠢᠨ ᠲᠤᠰᠬᠠᠶ ᠵᠦᠢᠯ᠂ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ | ᠲᠥᠷᠥᠯ ᠤᠨ ᠬᠥᠬᠡ ᠲᠠᠰ᠂ ᠪᠦᠲᠦᠴᠡ ᠶᠢᠨ ᠲᠥᠷᠥᠯ ᠤᠨ ᠬᠥᠬᠡ ᠲᠠᠰ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ | ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠪᠤᠰᠤᠳ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠬᠢᠷᠢ ᠬᠡᠮ ᠤᠨ ᠬᠢᠨᠠᠨ ᠵᠥᠪᠰᠢᠶᠡᠷᠡᠯ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠭᠠᠵᠠᠷ ᠤᠨ | ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠷᠢᠭᠤᠴᠠᠨ᠎ᠠ᠃ ᠬᠤᠶᠠᠷ ᠲᠤ᠂ ᠭᠤᠣᠯ ᠴᠣᠭᠴᠠ ᠶᠢᠨ ᠬᠢᠷᠢ ᠬᠡᠮ᠂ ᠪᠠᠶᠢᠴᠠᠭᠠᠨ ᠬᠡᠮᠵᠢᠬᠦ ᠠᠵᠢᠯᠲᠠᠨ᠂ | ᠪᠡᠯᠡᠳᠬᠡᠮᠵᠢ ᠲᠥᠬᠦᠭᠡᠷᠦᠮᠵᠢ᠂ ᠲᠠᠯᠠᠪᠤᠷ ᠤᠨ ᠣᠷᠴᠢᠨ ᠨᠥᠬᠦᠴᠡᠯ᠂ ᠶᠠᠰᠤ ᠴᠢᠨᠠᠷ ᠤᠨ ᠰᠢᠰᠲ᠋ᠧᠮ ᠵᠡᠷᠭᠡ ᠲᠠᠯ᠎ᠠ | ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠵᠥᠪᠰᠢᠶᠡᠷᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ | ᠢ ᠲᠣᠭᠲᠠᠭᠠᠪᠠ᠃ ᠡᠭᠦᠨ ᠤ ᠬᠠᠮᠲᠤ ︽ᠠᠷᠭ᠎ᠠ︾ ᠠᠴᠠ ᠡᠷᠬᠡ ᠣᠯᠭᠤᠵᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠠᠴᠠ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠠᠰ ᠲᠤ ᠨᠢ ᠲᠣᠭᠲᠠᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠵᠡᠷᠭᠡ ᠳᠡᠰ ᠤᠨ ᠨᠥᠬᠦᠴᠡᠯ ᠢ ᠨᠠᠷᠢᠯᠢᠬᠵᠢᠭᠤᠯᠤᠨ᠎ᠠ᠃ | 3. ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠵᠢᠷᠤᠮᠵᠢᠭᠤᠯᠪᠠ᠃ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠵᠥᠪᠰᠢᠶᠡᠷᠡᠬᠦ ᠳᠤ ᠰᠢᠨᠵᠢᠯᠡᠬᠦ ᠤᠬᠠᠭᠠᠨᠴᠢ ᠲᠥᠪ ᠭᠤᠤᠯᠴᠢ | ᠪᠠᠶᠢᠬᠤ ᠶᠢ ᠪᠠᠲᠤᠯᠠᠬᠤ ᠶᠢᠨ ᠲᠥᠯᠥᠭᠡ᠂ ︽ᠠᠷᠭ᠎ᠠ︾ ᠳᠤ ᠬᠢᠷᠢ ᠭᠡᠮ ᠢ ᠬᠢᠨᠠᠨ ᠵᠥᠪᠰᠢᠶᠡᠷᠡᠬᠦ ᠳᠤ | ᠵᠥᠪᠰᠢᠶᠡᠷᠡᠭᠰᠡᠨ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ | ᠲᠣᠭᠲᠠᠭᠠᠯᠲᠠ ᠶᠢ ᠥᠩᠭᠡᠷᠡᠭᠡᠬᠦ ᠬᠡᠷᠡᠭᠲᠡᠶ ᠭᠡᠵᠦ ᠲᠣᠭᠲᠠᠭᠠᠪᠠ᠂ ᠡᠭᠦᠨ ᠳᠤ ᠪᠢᠴᠢᠭ ᠢᠶᠠᠷ ᠬᠢᠨᠠᠨ ᠪᠠᠶᠢᠴᠠᠭᠠᠬᠤ ᠪᠠ | ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠬᠤ ᠬᠤᠶᠠᠷ ᠱᠠᠲᠤ ᠪᠠᠭᠲᠠᠨ᠎ᠠ᠂ ᠳᠠᠷᠤᠶ᠄ ᠭᠤᠶᠤᠴᠢᠯᠠᠭᠴᠢ ᠠᠴᠠ | ᠲᠤᠰᠢᠶᠠᠭᠰᠠᠨ ᠪᠥᠬᠦ ᠮᠠᠲ᠋ᠧᠷᠢᠶᠠᠯ ᠢ ᠪᠢᠴᠢᠭ ᠢᠶᠠᠷ ᠬᠢᠨᠠᠨ ᠪᠠᠶᠢᠴᠠᠭᠠᠬᠤ ᠴᠢᠬᠤᠯᠠᠲᠠᠶ ᠮᠥᠷᠲᠡᠭᠡᠨ ᠪᠠᠰᠠ ᠪᠣᠳᠠᠲᠤ | ᠪᠠᠶᠢᠳᠠᠯ ᠬᠢᠭᠡᠳ ᠭᠤᠶᠤᠴᠢᠯᠠᠬᠤ ᠮᠠᠲ᠋ᠧᠷᠢᠶᠠᠯ ᠤᠨ ᠨᠡᠶᠢᠴᠡᠬᠦ ᠴᠢᠨᠠᠷ᠂ ᠭᠤᠶᠤᠴᠢᠯᠠᠭᠴᠢ ᠠᠴᠠ ᠶᠠᠰᠤ ᠴᠢᠨᠠᠷ ᠢ | ᠪᠠᠶᠢᠴᠠᠭᠠᠨ ᠬᠡᠮᠵᠢᠬᠦ ᠲᠥᠷᠥᠯ ᠵᠦᠶᠯ ᠢ ᠪᠡᠶᠡᠯᠡᠭᠦᠯᠬᠦ ᠪᠣᠳᠠᠲᠠᠶ ᠴᠢᠳᠠᠪᠤᠷᠢ᠂ ᠶᠠᠰᠤ ᠴᠢᠨᠠᠷ ᠢ ᠪᠠᠲᠤᠯᠠᠬᠤ | ᠰᠢᠰᠲ᠋ᠧᠮ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠨ᠎ᠠ᠃ ᠡᠭᠦᠨ ᠤ ᠬᠠᠮᠲᠤ | ᠲᠤᠰᠬᠠᠶ ᠮᠡᠷᠭᠡᠵᠢᠯᠲᠡᠨ ᠤ ᠰᠤᠭᠤᠴᠠᠨ ᠠᠪᠬᠤ ᠱᠠᠭᠠᠷᠳᠠᠯᠭ᠎ᠠ᠂ ᠬᠢᠨᠠᠨ ᠲᠣᠭᠲᠠᠭᠠᠬᠤ ᠴᠠᠭ ᠤᠨ ᠬᠢᠵᠠᠭᠠᠷ᠂ ᠬᠢᠨᠠᠨ | ᠲᠣᠭᠲᠠᠭᠠᠬᠤ ᠮᠡᠳᠡᠭᠦᠯᠦᠯᠲᠡ ᠶᠢᠨ ᠠᠭᠤᠯᠭ᠎ᠠ ᠶᠢ ᠲᠣᠳᠣᠷᠬᠠᠶᠢᠯᠠᠪᠠ᠃ | 4. ᠦᠨᠡᠮᠯᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃ ᠨᠢᠭᠡ ᠳᠤ᠂ ᠦᠨᠡᠮᠯᠡᠯ ᠢ ᠦᠷᠭᠦᠯᠵᠢᠯᠡᠨ ᠬᠢᠨᠠᠨ | ᠵᠥᠪᠰᠢᠶᠡᠷᠡᠬᠦ ᠳᠤ ᠵᠠᠷᠴᠢᠮ ᠳᠡᠭᠡᠷ᠎ᠡ ᠪᠠᠨ ᠲᠤᠰᠬᠠᠶ ᠮᠡᠷᠭᠡᠵᠢᠯᠲᠡᠨ ᠤ ᠪᠢᠴᠢᠭ ᠤᠨ ᠬᠢᠨᠠᠨ ᠪᠠᠶᠢᠴᠠᠭᠠᠯᠲᠠ ᠪᠠᠷ ᠭᠤᠤᠯ | ᠪᠣᠯᠭᠠᠬᠤ ᠶᠢ ᠲᠣᠳᠣᠷᠬᠠᠶᠢᠯᠠᠭᠰᠠᠨ ᠪᠣᠯᠪᠠᠴᠤ ᠬᠠᠤᠯᠢ ᠶᠢ ᠵᠥᠷᠢᠴᠡᠭᠰᠡᠨ ᠣᠨᠴᠠᠭᠠᠶ ᠦᠶᠯᠡ ᠠᠵᠢᠯᠯᠠᠭ᠎ᠠ ᠣᠷᠣᠰᠢᠵᠤ | ᠪᠠᠶᠢᠪᠠᠯ ᠮᠥᠨ ᠬᠦ ᠲᠤᠬᠠᠶ ᠶᠢᠨ ᠲᠠᠯᠠᠪᠠᠢ ᠳᠤ ᠬᠢᠨᠠᠨ ᠪᠠᠶᠢᠴᠠᠭᠠᠨ᠎ᠠ᠃ ᠬᠤᠶᠠᠷ ᠲᠤ᠂ ᠦᠨᠡᠮᠯᠡᠯ ᠢ ᠬᠤᠪᠢᠷᠠᠭᠤᠯᠬᠤ | ᠶᠢ ᠵᠢᠷᠤᠮᠵᠢᠭᠤᠯᠵᠤ᠂ ᠵᠥᠪᠰᠢᠶᠡᠷᠡᠭᠰᠡᠨ ᠪᠠᠶᠢᠭᠤᠯᠭ᠎ᠠ ᠠᠴᠠ ᠪᠠᠶᠢᠴᠠᠭᠠᠨ ᠬᠡᠮᠵᠢᠬᠦ ᠲᠠᠯᠠᠪᠤᠷ ᠤᠨ ᠬᠠᠶ᠋ᠢᠭ ᠨᠢ | ᠬᠤᠪᠢᠷᠠᠯᠲᠠ ᠭᠠᠷᠤᠭᠰᠠᠨ ᠪᠠᠶᠢᠳᠠᠯ ᠳᠤ ᠲᠤᠬᠠᠶ ᠶᠢᠨ ᠲᠠᠯᠠᠪᠠᠢ ᠳᠤ ᠬᠢᠨᠠᠨ ᠪᠠᠶᠢᠴᠠᠭᠠᠯᠲᠠ ᠬᠢᠬᠦ ᠶᠢ ᠱᠠᠭᠠᠷᠳᠠᠪᠠ︔ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠶᠢᠯᠡᠭᠦᠯᠬᠦ᠂ ᠰᠠᠯᠵᠤ ᠲᠤᠰᠠᠭᠠᠷᠯᠠᠬᠤ᠂ ᠳᠠᠬᠢᠨ ᠪᠠᠶᠢᠭᠤᠯᠬᠤ᠂ | ᠲᠦᠷᠢᠮ ᠤᠨ ᠥᠭᠡᠷᠡᠴᠢᠯᠡᠯᠲᠡ ᠵᠡᠷᠭᠡ ᠭᠤᠤᠯ ᠴᠣᠭᠴᠠ ᠶᠢᠨ ᠬᠢᠷᠢ ᠬᠡᠮ ᠨᠢ ᠬᠤᠪᠢᠷᠠᠯᠲᠠ ᠭᠠᠷᠤᠭᠰᠠᠨ ᠪᠠᠶᠢᠳᠠᠯ | ᠭᠠᠷᠪᠠᠯ᠂ ᠬᠢᠷᠢ ᠬᠡᠮ ᠤᠨ ᠭᠤᠶᠤᠴᠢᠯᠠᠯ ᠢᠶᠠᠨ ᠳᠠᠭᠢᠵᠤ ᠲᠤᠰᠢᠶᠠᠬᠤ ᠬᠡᠷᠡᠭᠲᠡᠢ︔ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠭᠡᠮ ᠤᠨ ᠨᠥᠬᠦᠴᠡᠯ ᠢ ᠥᠯᠥ ᠨᠥᠯᠥᠭᠡᠯᠡᠬᠦ ᠪᠤᠰᠤᠳ ᠵᠦᠶᠯᠡᠰ ᠢ ᠬᠤᠪᠢᠷᠠᠭᠤᠯᠤᠭᠰᠠᠨ | ᠪᠠᠶᠢᠪᠠᠯ᠂ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠰᠠᠨ ᠤ ᠳᠠᠷᠠᠭ᠎ᠠ | ᠰᠢᠭᠤᠳ ᠬᠤᠪᠢᠷᠠᠭᠤᠯᠵᠤ ᠪᠣᠯᠤᠨ᠎ᠠ᠃ ᠭᠤᠷᠪᠠ ᠳᠤ᠂ ᠬᠢᠷᠢ ᠬᠡᠮ ᠤᠨ ᠦᠨᠡᠮᠯᠡᠯ ᠤᠨ ᠠᠭᠤᠯᠭ᠎ᠠ᠂ ᠬᠦᠴᠦᠨ ᠲᠠᠢ | ᠬᠤᠭᠤᠴᠠᠭ᠎ᠠ᠂ ᠭᠡᠭᠡᠭᠰᠡᠨ ᠢ ᠨᠥᠬᠦᠵᠦ ᠣᠯᠭᠤᠬᠤ ᠵᠢᠴᠢ ᠡᠵᠡᠩᠨᠡᠯᠲᠡ ᠶᠢ ᠵᠣᠭᠰᠣᠭᠠᠬᠤ ᠵᠡᠷᠭᠡ ᠵᠦᠶᠯᠡᠰ ᠢ | ᠵᠢᠷᠤᠮᠵᠢᠭᠤᠯᠪᠠ᠃ | ︵ᠬᠤᠶᠠᠷ︶ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠪᠠ᠃ | ᠨᠢᠭᠡ ᠳᠤ᠂ ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ ᠲᠠᠰᠤᠭ ᠪᠠᠶᠢᠭᠤᠯᠬᠤ᠂ ᠶᠠᠰᠤ ᠴᠢᠨᠠᠷ ᠢ | ᠪᠠᠲᠤᠯᠠᠬᠤ ᠰᠢᠰᠲ᠋ᠧᠮ ᠤᠨ ᠠᠵᠢᠯᠯᠠᠭᠠᠨ᠂ ᠥᠯᠢᠭᠡᠷ ᠡᠳ᠋ ᠪᠠ ᠲᠠᠩᠰᠠ ᠡᠪᠬᠡᠮᠡᠯ ᠤᠨ ᠬᠠᠮᠢᠶᠠᠷᠤᠯᠲᠠ᠂ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠪᠥᠬᠦ ᠲᠠᠯ᠎ᠠ ᠪᠠᠷ | ᠵᠢᠷᠤᠮᠵᠢᠭᠤᠯᠵᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠭᠠᠷᠭᠠᠵᠤ ᠪᠣᠯᠬᠤ ᠥᠬᠡᠶ᠂ ᠠᠳᠠᠯᠢ ᠨᠢᠭᠡᠨ ᠲᠥᠷᠥᠯ ᠵᠦᠢᠯ ᠤᠨ ᠳᠠᠭᠠᠭᠠᠴᠢᠯᠠᠯᠲᠠ ᠶᠢᠨ ᠬᠡᠰᠡᠭ ᠲᠤ | ᠣᠯᠠᠨ ᠲᠠᠯ᠎ᠠ ᠶᠢᠨ ᠨᠠᠶᠢᠳᠠᠯᠭ᠎ᠠ ᠶᠢ ᠵᠡᠷᠭᠡ ᠪᠠᠷ ᠬᠦᠯᠢᠶᠡᠵᠦ ᠪᠣᠯᠬᠤ ᠥᠬᠡᠶ᠂ ᠰᠢᠯᠵᠢᠭᠦᠯᠦᠨ ᠳᠠᠭᠠᠭᠠᠴᠢᠯᠠᠭᠤᠯᠵᠤ᠂ | ᠲᠣᠭᠲᠠᠭᠠᠯ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠵᠤ ᠪᠣᠯᠬᠤ ᠥᠬᠡᠶ᠂ ᠪᠠᠶᠢᠴᠠᠭᠠᠨ ᠬᠡᠮᠵᠢᠬᠦ ᠶᠠᠪᠤᠴᠠ ᠳᠤ | ᠣᠯᠵᠤ ᠮᠡᠳᠡᠭᠰᠡᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠠᠮᠤᠷ ᠲᠦᠪᠰᠢᠨ ᠳᠤ ᠬᠤᠯᠪᠣᠭᠳᠠᠭᠰᠠᠨ | ᠬᠢᠷᠢ ᠲᠡᠩᠴᠡᠭᠦ ᠥᠬᠡᠶ ᠲᠥᠷᠥᠯ ᠵᠦᠶᠯ ᠢ ᠴᠠᠭ ᠲᠤᠬᠠᠶ ᠳᠤ ᠨᠢ ᠮᠡᠳᠡᠭᠦᠯᠵᠦ᠂ ᠬᠢᠷᠢ ᠬᠡᠮ ᠤᠨ ᠦᠨᠡᠮᠯᠡᠯ ᠢᠶᠠᠨ | ᠰᠢᠯᠵᠢᠭᠦᠯᠵᠦ ᠥᠭᠬᠦ᠂ ᠲᠦᠷᠢᠶᠡᠰᠦᠯᠡᠭᠦᠯᠵᠦ ᠪᠣᠯᠬᠤ ᠥᠬᠡᠶ ᠭᠡᠵᠦ ᠲᠣᠭᠲᠠᠭᠠᠵᠠᠶ᠃ | ᠬᠤᠶᠠᠷ ᠲᠤ᠂ ᠪᠠᠶᠢᠴᠠᠭᠠᠨ ᠬᠡᠮᠵᠢᠬᠦ ᠠᠵᠢᠯᠲᠠᠨ ᠤ ᠠᠵᠢᠯ ᠡᠷᠭᠢᠯᠡᠬᠦ ᠦᠶᠯᠡ ᠠᠵᠢᠯᠯᠠᠭ᠎ᠠ ᠶᠢ ᠪᠥᠬᠦ ᠲᠠᠯ᠎ᠠ | ᠪᠠᠷ ᠵᠢᠷᠤᠮᠵᠢᠭᠤᠯᠵᠤ᠂ ᠪᠠᠶᠢᠴᠠᠭᠠᠨ ᠬᠡᠮᠵᠢᠬᠦ ᠠᠵᠢᠯᠲᠠᠨ ᠬᠤᠶᠠᠷ ᠠᠴᠠ ᠳᠡᠭᠡᠭᠰᠢ ᠪᠠᠶᠢᠴᠠᠭᠠᠨ ᠬᠡᠮᠵᠢᠬᠦ ᠪᠠᠶᠢᠭᠤᠯᠤᠮᠵᠢ | ᠳᠤ ᠪᠠᠶᠢᠴᠠᠭᠠᠨ ᠬᠡᠮᠵᠢᠬᠦ ᠠᠵᠢᠯᠯᠠᠭ᠎ᠠ ᠬᠢᠬᠦ ᠶᠢ ᠲᠣᠳᠣᠷᠬᠠᠶ ᠴᠠᠭᠠᠵᠠᠯᠠᠵᠤ᠂ ᠪᠠᠶᠢᠴᠠᠭᠠᠨ ᠬᠡᠮᠵᠢᠬᠦ ᠠᠵᠢᠯᠲᠠᠨ ᠠᠵᠢᠯ | ᠤᠨ ᠲᠥᠬᠦᠮ ᠢ ᠠᠰᠢᠭᠯᠠᠨ ᠪᠥᠲᠥᠭᠡᠨ ᠪᠠᠶᠢᠭᠤᠯᠤᠯᠲᠠ ᠶᠢᠨ ᠮᠠᠲ᠋ᠧᠷᠢᠶᠠᠯ᠂ ᠲᠣᠨᠣᠭᠯᠠᠭᠠᠰᠤ ᠪᠠ ᠲᠥᠬᠦᠭᠡᠷᠦᠮᠵᠢ ᠶᠢ | ᠪᠣᠷᠣᠯᠠᠭᠤᠯᠵᠤ ᠪᠣᠯᠬᠤ ᠥᠬᠡᠶ᠃ | ︵ᠭᠤᠷᠪᠠ︶ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠪᠠ᠃ | 1. ᠬᠢᠨᠠᠨ ᠪᠠᠶᠢᠴᠠᠭᠠᠯᠲᠠ ᠶᠢ ᠴᠢᠩᠭᠠᠷᠠᠭᠤᠯᠪᠠ᠃ ᠨᠢᠭᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠬᠡᠮᠵᠢᠬᠦ ᠠᠵᠢᠯ ᠤᠨ ᠬᠢᠨᠠᠨ ᠪᠠᠶᠢᠴᠠᠭᠠᠯᠲᠠ ᠪᠠᠨ | ᠴᠢᠩᠭᠠᠳᠬᠠᠵᠤ᠂ ᠬᠢᠨᠠᠨ ᠪᠠᠶᠢᠴᠠᠭᠠᠯᠲᠠ ᠶᠢᠨ ᠪᠣᠳᠠᠲᠠᠢ ᠠᠭᠤᠯᠭ᠎ᠠ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠬᠤᠶᠠᠷ ᠲᠤ᠂ ᠶᠠᠮᠤᠨ ᠮᠤᠵᠢ ᠬᠤᠶᠠᠷ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠠᠷᠢᠴᠠᠭᠤᠯᠤᠯ ᠲᠤᠷᠰᠢᠯᠲᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠪᠣᠳᠠᠲᠠᠶ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠬᠤ ᠶᠢ ᠲᠣᠭᠲᠠᠭᠠᠪᠠ᠃ ᠭᠤᠷᠪᠠ ᠳᠤ᠂ | ᠨᠡᠶᠢᠭᠡᠮ ᠤᠨ ᠬᠢᠨᠠᠯᠲᠠ ᠶᠢ ᠴᠢᠩᠭᠠᠷᠠᠭᠤᠯᠤᠨ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠳᠤ ᠬᠤᠯᠪᠣᠭᠳᠠᠬᠤ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ | ᠶᠢᠨ ᠬᠠᠮᠲᠤ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠴᠠᠭ ᠲᠤᠬᠠᠶ ᠳᠤ ᠨᠢ ᠬᠢᠨᠠᠨ | ᠬᠠᠷᠭᠤᠭᠤᠯᠵᠤ ᠰᠢᠢᠳᠪᠦᠷᠢᠯᠡᠬᠦ ᠶᠢ ᠱᠠᠭᠠᠷᠳᠠᠪᠠ᠃ ᠳᠥᠷᠪᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠶᠠᠰᠤ | ᠴᠢᠨᠠᠷ ᠢ ᠪᠠᠶᠢᠴᠠᠭᠠᠨ ᠬᠡᠮᠵᠢᠬᠦ ᠢᠲᠡᠭᠡᠮᠵᠢ ᠶᠢᠨ ᠬᠠᠮᠢᠶᠠᠷᠤᠯᠲᠠ ᠶᠢ ᠨᠢᠭᠡᠳᠦᠯᠲᠡᠶ ᠬᠠᠷᠢᠭᠤᠴᠠᠵᠤ᠂ ᠡᠯ᠎ᠡ ᠱᠠᠲᠤᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠬᠡᠮᠵᠢᠬᠦ | ᠪᠠᠶᠢᠭᠤᠯᠤᠮᠵᠢ ᠪᠠ ᠪᠠᠶᠢᠴᠠᠭᠠᠨ ᠬᠡᠮᠵᠢᠬᠦ ᠠᠵᠢᠯᠲᠠᠨ ᠤ ᠠᠵᠢᠯ ᠡᠷᠭᠢᠯᠡᠬᠦ ᠦᠶᠯᠡ ᠠᠵᠢᠯᠯᠠᠭ᠎ᠠ ᠳᠤ ᠲᠣᠭᠲᠠᠮᠠᠯ | ᠬᠤᠭᠤᠴᠠᠭ᠎ᠠ ᠲᠠᠢ ᠪᠠᠷ ᠢᠲᠡᠭᠡᠮᠵᠢ ᠶᠢᠨ ᠬᠠᠮᠢᠶᠠᠷᠤᠯᠲᠠ ᠥᠷᠨᠢᠭᠦᠯᠦᠨ᠎ᠡ᠃ ᠲᠠᠪᠤ ᠳᠤ᠂ ᠬᠢᠷᠢ ᠬᠡᠮ ᠣᠯᠤᠭᠰᠠᠨ ᠤ | ᠳᠠᠷᠠᠭ᠎ᠠ ᠳᠠᠭᠢᠵᠤ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠥᠬᠡᠶ ᠪᠣᠯᠤᠭᠰᠠᠨ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃ | 2. ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠪᠡ᠃ ︽︿ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ﹀ ᠶᠢ ᠤᠯᠠᠮ ᠨᠢᠭᠡ | ᠠᠯᠬᠤᠮ ᠲᠤᠭᠤᠰᠢᠯᠠᠭᠤᠯᠤᠨ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ | ︵ᠲᠥᠷᠥ ᠲᠥᠷᠥ ᠶᠢᠨ ᠶᠠᠪᠤᠳᠠᠯ ᠲᠠᠷᠬᠠᠭᠠᠭᠰᠠᠨ ﹇2021﹈ 26 ᠳ᠋ᠤᠭᠠᠷ ᠲᠣᠭᠠᠲᠤ︶ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠠᠵᠢᠯ ᠲᠥᠷᠥᠯ ᠤᠨ ᠬᠠᠮᠢᠶᠠᠷᠤᠯᠲᠠ ᠶᠢᠨ ᠪᠣᠳᠠᠲᠠᠶ ᠬᠡᠷᠡᠭᠴᠡᠭᠡ ᠲᠠᠢ | ᠤᠶᠠᠯᠳᠤᠭᠤᠯᠵᠤ᠂ ᠳᠦᠷᠢᠮ ᠲᠣᠭᠲᠠᠭᠠᠯ ᠤᠨ ᠡᠷᠬᠡ ᠮᠡᠳᠡᠯ ᠤᠨ ᠬᠡᠪᠴᠢᠶᠡᠨ ᠳᠣᠲᠣᠷ᠎ᠠ᠂ ︽ᠠᠷᠭ᠎ᠠ︾ ᠳᠤ ᠬᠠᠤᠯᠢ | ᠠᠴᠠ ᠵᠥᠷᠢᠴᠡᠭᠰᠡᠨ ᠪᠣᠳᠠᠲᠠᠶ ᠪᠠᠶᠢᠳᠠᠯ ᠢ ᠨᠢ ᠦᠵᠡᠵᠦ ᠪᠠᠶᠢᠭᠠᠳ ᠪᠠᠶᠢᠴᠠᠭᠠᠨ ᠬᠡᠮᠵᠢᠬᠦ ᠪᠠᠶᠢᠭᠤᠯᠤᠮᠵᠢ ᠪᠣᠯᠤᠨ | ᠪᠠᠶᠢᠴᠠᠭᠠᠨ ᠬᠡᠮᠵᠢᠬᠦ ᠠᠵᠢᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠡᠷᠡᠮᠵᠢᠯᠡᠭᠦᠯᠬᠦ᠂ | ᠨᠡᠶᠢᠲᠡᠯᠡᠨ ᠰᠢᠭᠦᠮᠵᠢᠯᠡᠬᠦ ᠪᠠ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠶ ᠵᠣᠭᠤᠰ ᠢᠶᠠᠷ ᠲᠣᠷᠭᠠᠨ᠎ᠠ᠃ | ᠡᠭᠦᠨ ᠠᠴᠠ ᠭᠠᠳᠠᠨ᠎ᠠ᠂ ᠲᠦᠷᠢᠮ ᠲᠣᠭᠲᠠᠭᠠᠯ ᠳᠤ ᠪᠠᠰᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ | ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠠᠵᠢᠯ ᠤᠨ ᠵᠢᠷᠦᠮ ᠤᠨ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠢ | ᠲᠣᠭᠲᠠᠭᠠᠬᠤ ᠡᠷᠬᠡ ᠣᠯᠭᠤᠵᠤ᠂ ︽ᠠᠷᠭ᠎ᠠ︾ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠪᠠ᠃ | | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠄ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ | ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ︶ |