︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/12
      ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ  ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶  ᠶᠢ ᠨᠡᠶᠢᠲᠡᠯᠡᠪᠡ᠂ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠨᠢᠭᠡᠴᠢ ᠪᠣᠯᠤᠨ ᠨᠡᠶᠢᠭᠡᠮ ᠨᠡᠶᠢᠲᠡ ᠶᠢᠨ ᠨᠠᠩ ᠰᠠᠶᠢᠨ ᠤᠶᠢᠯᠠᠭᠠᠨ ᠬᠡᠷᠡᠭᠵᠢᠭᠦᠯᠬᠦ ᠳᠤ ᠲᠥᠭᠦᠮ ᠦᠵᠡᠭᠦᠯᠵᠦ᠂ ︽ᠠᠷᠭ᠎ᠠ︾ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠣᠲᠣ ᠳᠣᠤᠷᠠᠬᠢ ᠮᠡᠲᠦ ᠲᠠᠶᠢᠯᠤᠮᠵᠢ ᠬᠢᠵᠡᠢ᠄        ᠨᠢᠭᠡ᠂ ᠲᠣᠭᠲᠠᠭᠠᠬᠤ ᠶᠢᠨ ᠴᠢᠬᠤᠯᠠ ᠴᠢᠨᠠᠷ        2005 ᠣᠨ ᠳᠤ᠂ ᠵᠠᠮ ᠬᠠᠷᠢᠯᠴᠠᠭᠠᠨ ᠤ ᠶᠠᠮᠤᠨ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢ ᠲᠤᠷᠰᠢᠨ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2005 ᠣᠨ ᠤ 12 ᠳ᠋ᠤᠭᠠᠷ ᠲᠣᠭᠠᠲᠤ᠂ 2016 ᠣᠨ᠂ 2019 ᠣᠨ ᠳᠤ ᠬᠤᠶᠠᠷ ᠤᠳᠠᠭ᠎ᠠ ᠬᠡᠰᠡᠭ ᠭᠠᠵᠠᠷ ᠲᠤ ᠵᠠᠰᠠᠪᠤᠷᠢ ᠣᠷᠣᠭᠤᠯᠪᠠ︶ ᠶᠢ ᠨᠡᠶᠢᠲᠡᠯᠡᠵᠦ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠲᠦᠷᠢᠮ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯᠯᠠᠭ᠎ᠠ ᠶᠢ ᠰᠢᠰᠲ᠋ᠧᠮ ᠲᠠᠢ ᠵᠢᠷᠤᠮᠵᠢᠭᠤᠯᠪᠠ᠃ 2022 ᠣᠨ ᠤ 1 ᠳ᠋ᠦ᠋ᠭᠡᠷ ᠰᠠᠷ᠎ᠠ ᠳᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠳᠠᠩᠰᠠ  ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠶᠢᠨ ᠶᠠᠪᠤᠳᠠᠯ ᠠᠯᠪᠠᠨ ᠲᠠᠷᠬᠠᠭᠠᠭᠰᠠᠨ  ﹇2022﹈ 22 ᠳ᠋ᠤᠭᠠᠷ ᠲᠣᠭᠠᠲᠤ︶ ᠳᠤ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ  ᠶᠢᠨ ᠬᠢᠷᠢ ᠬᠡᠮ ᠢ ᠬᠢᠨᠠᠨ ᠵᠥᠪᠰᠢᠶᠡᠷᠡᠬᠦ︾ ᠶᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢᠶᠠᠷ ᠲᠣᠳᠣᠷᠬᠠᠶᠢᠯᠠᠪᠠ᠃ ᠡᠨᠡ ᠬᠦ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠬᠡᠷᠡᠭ ᠤᠨ ᠡᠮᠦᠨ᠎ᠡ ᠬᠡᠷᠡᠭ ᠤᠨ ᠳᠣᠮᠳᠠ ᠬᠡᠷᠡᠭ ᠤᠨ ᠬᠤᠶᠢᠨ᠎ᠠ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠭᠤᠴᠢᠨ ᠳᠦᠷᠢᠮ ᠢ ᠬᠦᠴᠦᠨ ᠦᠭᠡᠶ ᠪᠣᠯᠭᠠᠵᠤ᠂ ︽ᠠᠷᠭ᠎ᠠ︾ ᠶᠢ ᠲᠣᠭᠲᠠᠭᠠᠪᠠ᠃        ᠬᠤᠶᠠᠷ᠂ ᠭᠤᠣᠯ ᠠᠭᠤᠯᠭ᠎ᠠ        ︵ᠨᠢᠭᠡ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠥᠪᠰᠢᠶᠡᠷᠡᠯ ᠤᠨ ᠳᠦᠷᠢᠮ ᠢ ᠪᠠᠶᠢᠭᠤᠯᠪᠠ᠃       1. ᠲᠥᠷᠥᠯ ᠬᠤᠪᠢᠶᠠᠨ ᠳᠡᠰ ᠬᠤᠪᠢᠶᠠᠵᠤ ᠵᠥᠪᠰᠢᠶᠡᠷᠡᠬᠦ ᠶᠢ ᠬᠡᠷᠡᠭᠵᠢᠭᠦᠯᠪᠡ᠃ ᠪᠠᠶᠢᠴᠠᠭᠠᠨ ᠬᠡᠮᠵᠢᠬᠦ ᠬᠡᠪᠴᠢᠶ᠎ᠡ ᠪᠣᠯᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠦᠨᠳᠦᠰᠦᠯᠡᠨ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠵᠠᠰᠠᠮᠠᠯ ᠵᠠᠮ ᠤᠨ ᠪᠠᠷᠢᠯᠭ᠎ᠠ ᠪᠣᠯᠤᠨ ᠤᠰᠤᠨ ᠲᠡᠭᠡᠭᠡᠪᠦᠷᠢ ᠶᠢᠨ ᠪᠠᠷᠢᠯᠭ᠎ᠠ ᠬᠤᠶᠠᠷ ᠲᠤᠰᠬᠠᠶ ᠮᠡᠷᠭᠡᠵᠢᠯ ᠳᠤ ᠬᠤᠪᠢᠶᠠᠵᠠᠢ᠃ ᠡᠭᠦᠨ ᠳᠤ᠂ ᠵᠠᠰᠠᠮᠠᠯ ᠵᠠᠮ ᠤᠨ ᠪᠠᠷᠢᠯᠭ᠎ᠠ ᠶᠢᠨ ᠲᠤᠰᠬᠠᠶ ᠮᠡᠷᠭᠡᠵᠢᠯ ᠳᠤ ᠬᠥᠬᠡ᠂ ᠬᠥᠬᠡᠭᠴᠢᠨ᠂ ᠤᠯᠠᠭᠠᠨ ᠲᠠᠰ ᠤᠨ ᠬᠢᠷᠢ ᠬᠡᠮ ᠪᠠ ᠵᠠᠮ ᠬᠠᠷᠢᠯᠴᠠᠭᠠᠨ ᠤ ᠪᠠᠷᠢᠯᠭ᠎ᠠ ᠶᠢᠨ ᠲᠤᠰᠬᠠᠶ ᠵᠦᠶᠯ᠂ ᠬᠥᠭᠦᠷᠭᠡ ᠨᠦᠬᠡᠨ ᠵᠠᠮ ᠤᠨ ᠪᠠᠷᠢᠯᠭ᠎ᠠ ᠶᠢᠨ ᠲᠤᠰᠬᠠᠶ ᠵᠦᠶᠯ ᠤᠨ ᠬᠢᠷᠢ ᠬᠡᠮ ᠭᠡᠵᠦ ᠲᠣᠬᠢᠷᠠᠭᠤᠯᠪᠠ︔ ᠤᠰᠤᠨ ᠲᠡᠭᠡᠭᠡᠪᠦᠷᠢ  ᠶᠢᠨ ᠪᠠᠷᠢᠯᠭ᠎ᠠ ᠶᠢᠨ ᠲᠤᠰᠬᠠᠶ ᠮᠡᠷᠭᠡᠵᠢᠯ ᠢ ᠮᠠᠲ᠋ᠧᠷᠢᠶᠠᠯ ᠤᠨ ᠲᠥᠷᠥᠯ ᠪᠠ ᠪᠦᠲᠦᠴᠡ ᠶᠢᠨ ᠲᠥᠷᠥᠯ ᠭᠡᠵᠦ ᠬᠤᠪᠢᠶᠠᠨ᠂ ᠮᠠᠲ᠋ᠧᠷᠢᠶᠠᠯ ᠤᠨ ᠲᠥᠷᠥᠯ ᠳᠤ ᠬᠥᠬᠡ᠂ ᠬᠥᠬᠡᠭᠴᠢᠨ᠂ ᠤᠯᠠᠭᠠᠨ ᠲᠠᠰ ᠤᠨ ᠬᠢᠷᠢ ᠬᠡᠮ᠂ ᠪᠦᠲᠦᠴᠡ ᠶᠢᠨ ᠲᠥᠷᠥᠯ  ᠳᠤ ᠬᠥᠬᠡ᠂ ᠬᠥᠬᠡᠭᠴᠢᠨ ᠲᠠᠰ ᠤᠨ ᠬᠢᠷᠢ ᠬᠡᠮ ᠭᠡᠵᠦ ᠲᠤᠬᠢᠷᠠᠭᠤᠯᠵᠠᠢ᠃ ᠭᠤᠶᠤᠴᠢᠯᠠᠭᠴᠢ ᠠᠳᠠᠯᠢ ᠪᠤᠰᠤ ᠲᠤᠰᠬᠠᠢ ᠮᠡᠷᠭᠡᠵᠢᠯ᠂ ᠠᠳᠠᠯᠢ ᠪᠤᠰᠤ ᠵᠡᠷᠭᠡ ᠳᠡᠰ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠠᠮᠲᠤ ᠳᠤ ᠨᠢ ᠭᠤᠶᠤᠴᠢᠯᠠᠵᠤ ᠪᠣᠯᠤᠨ᠎ᠠ᠃        2. ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠪᠣᠯᠤᠨ ᠵᠥᠪᠰᠢᠶᠡᠷᠡᠬᠦ ᠨᠥᠬᠦᠴᠡᠯ ᠢ ᠲᠣᠳᠣᠷᠬᠠᠶᠢᠯᠠᠪᠠ᠃ ᠨᠢᠭᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠲᠠᠰ᠂ ᠵᠠᠮ ᠬᠠᠷᠢᠯᠴᠠᠭᠠᠨ ᠤ ᠪᠠᠷᠢᠯᠭ᠎ᠠ ᠶᠢᠨ ᠲᠤᠰᠬᠠᠶ ᠵᠦᠢᠯ᠂ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠤᠨ ᠬᠥᠬᠡ ᠲᠠᠰ᠂ ᠪᠦᠲᠦᠴᠡ ᠶᠢᠨ ᠲᠥᠷᠥᠯ ᠤᠨ ᠬᠥᠬᠡ ᠲᠠᠰ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ  ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠪᠤᠰᠤᠳ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠬᠢᠨᠠᠨ ᠵᠥᠪᠰᠢᠶᠡᠷᠡᠯ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠬᠤᠶᠠᠷ ᠲᠤ᠂ ᠭᠤᠣᠯ ᠴᠣᠭᠴᠠ ᠶᠢᠨ ᠬᠢᠷᠢ ᠬᠡᠮ᠂ ᠪᠠᠶᠢᠴᠠᠭᠠᠨ ᠬᠡᠮᠵᠢᠬᠦ ᠠᠵᠢᠯᠲᠠᠨ᠂ ᠪᠡᠯᠡᠳᠬᠡᠮᠵᠢ ᠲᠥᠬᠦᠭᠡᠷᠦᠮᠵᠢ᠂ ᠲᠠᠯᠠᠪᠤᠷ ᠤᠨ ᠣᠷᠴᠢᠨ ᠨᠥᠬᠦᠴᠡᠯ᠂ ᠶᠠᠰᠤ ᠴᠢᠨᠠᠷ ᠤᠨ ᠰᠢᠰᠲ᠋ᠧᠮ ᠵᠡᠷᠭᠡ ᠲᠠᠯ᠎ᠠ  ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠵᠥᠪᠰᠢᠶᠡᠷᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ  ᠢ ᠲᠣᠭᠲᠠᠭᠠᠪᠠ᠃ ᠡᠭᠦᠨ ᠤ ᠬᠠᠮᠲᠤ ︽ᠠᠷᠭ᠎ᠠ︾ ᠠᠴᠠ ᠡᠷᠬᠡ ᠣᠯᠭᠤᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠠᠰ ᠲᠤ ᠨᠢ ᠲᠣᠭᠲᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠡᠷᠭᠡ ᠳᠡᠰ ᠤᠨ ᠨᠥᠬᠦᠴᠡᠯ ᠢ ᠨᠠᠷᠢᠯᠢᠬᠵᠢᠭᠤᠯᠤᠨ᠎ᠠ᠃        3. ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠵᠢᠷᠤᠮᠵᠢᠭᠤᠯᠪᠠ᠃ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠵᠥᠪᠰᠢᠶᠡᠷᠡᠬᠦ ᠳᠤ ᠰᠢᠨᠵᠢᠯᠡᠬᠦ ᠤᠬᠠᠭᠠᠨᠴᠢ ᠲᠥᠪ ᠭᠤᠤᠯᠴᠢ ᠪᠠᠶᠢᠬᠤ ᠶᠢ ᠪᠠᠲᠤᠯᠠᠬᠤ ᠶᠢᠨ ᠲᠥᠯᠥᠭᠡ᠂ ︽ᠠᠷᠭ᠎ᠠ︾ ᠳᠤ ᠬᠢᠷᠢ ᠭᠡᠮ ᠢ ᠬᠢᠨᠠᠨ ᠵᠥᠪᠰᠢᠶᠡᠷᠡᠬᠦ ᠳᠤ ᠵᠥᠪᠰᠢᠶᠡᠷᠡᠭᠰᠡᠨ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠥᠩᠭᠡᠷᠡᠭᠡᠬᠦ ᠬᠡᠷᠡᠭᠲᠡᠶ ᠭᠡᠵᠦ ᠲᠣᠭᠲᠠᠭᠠᠪᠠ᠂ ᠡᠭᠦᠨ ᠳᠤ ᠪᠢᠴᠢᠭ ᠢᠶᠠᠷ ᠬᠢᠨᠠᠨ ᠪᠠᠶᠢᠴᠠᠭᠠᠬᠤ ᠪᠠ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠬᠤ ᠬᠤᠶᠠᠷ ᠱᠠᠲᠤ ᠪᠠᠭᠲᠠᠨ᠎ᠠ᠂ ᠳᠠᠷᠤᠶ᠄ ᠭᠤᠶᠤᠴᠢᠯᠠᠭᠴᠢ ᠠᠴᠠ ᠲᠤᠰᠢᠶᠠᠭᠰᠠᠨ ᠪᠥᠬᠦ ᠮᠠᠲ᠋ᠧᠷᠢᠶᠠᠯ ᠢ ᠪᠢᠴᠢᠭ ᠢᠶᠠᠷ ᠬᠢᠨᠠᠨ ᠪᠠᠶᠢᠴᠠᠭᠠᠬᠤ ᠴᠢᠬᠤᠯᠠᠲᠠᠶ ᠮᠥᠷᠲᠡᠭᠡᠨ ᠪᠠᠰᠠ ᠪᠣᠳᠠᠲᠤ ᠪᠠᠶᠢᠳᠠᠯ ᠬᠢᠭᠡᠳ ᠭᠤᠶᠤᠴᠢᠯᠠᠬᠤ ᠮᠠᠲ᠋ᠧᠷᠢᠶᠠᠯ ᠤᠨ ᠨᠡᠶᠢᠴᠡᠬᠦ ᠴᠢᠨᠠᠷ᠂ ᠭᠤᠶᠤᠴᠢᠯᠠᠭᠴᠢ ᠠᠴᠠ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠷᠥᠯ ᠵᠦᠶᠯ ᠢ ᠪᠡᠶᠡᠯᠡᠭᠦᠯᠬᠦ ᠪᠣᠳᠠᠲᠠᠶ ᠴᠢᠳᠠᠪᠤᠷᠢ᠂ ᠶᠠᠰᠤ ᠴᠢᠨᠠᠷ ᠢ ᠪᠠᠲᠤᠯᠠᠬᠤ ᠰᠢᠰᠲ᠋ᠧᠮ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠨ᠎ᠠ᠃ ᠡᠭᠦᠨ ᠤ ᠬᠠᠮᠲᠤ ᠲᠤᠰᠬᠠᠶ ᠮᠡᠷᠭᠡᠵᠢᠯᠲᠡᠨ ᠤ ᠰᠤᠭᠤᠴᠠᠨ ᠠᠪᠬᠤ ᠱᠠᠭᠠᠷᠳᠠᠯᠭ᠎ᠠ᠂ ᠬᠢᠨᠠᠨ ᠲᠣᠭᠲᠠᠭᠠᠬᠤ ᠴᠠᠭ ᠤᠨ ᠬᠢᠵᠠᠭᠠᠷ᠂ ᠬᠢᠨᠠᠨ ᠲᠣᠭᠲᠠᠭᠠᠬᠤ ᠮᠡᠳᠡᠭᠦᠯᠦᠯᠲᠡ ᠶᠢᠨ ᠠᠭᠤᠯᠭ᠎ᠠ ᠶᠢ ᠲᠣᠳᠣᠷᠬᠠᠶᠢᠯᠠᠪᠠ᠃       4. ᠦᠨᠡᠮᠯᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃ ᠨᠢᠭᠡ ᠳᠤ᠂ ᠦᠨᠡᠮᠯᠡᠯ ᠢ ᠦᠷᠭᠦᠯᠵᠢᠯᠡᠨ ᠬᠢᠨᠠᠨ ᠵᠥᠪᠰᠢᠶᠡᠷᠡᠬᠦ ᠳᠤ ᠵᠠᠷᠴᠢᠮ ᠳᠡᠭᠡᠷ᠎ᠡ ᠪᠠᠨ ᠲᠤᠰᠬᠠᠶ ᠮᠡᠷᠭᠡᠵᠢᠯᠲᠡᠨ ᠤ ᠪᠢᠴᠢᠭ ᠤᠨ ᠬᠢᠨᠠᠨ ᠪᠠᠶᠢᠴᠠᠭᠠᠯᠲᠠ ᠪᠠᠷ ᠭᠤᠤᠯ ᠪᠣᠯᠭᠠᠬᠤ ᠶᠢ ᠲᠣᠳᠣᠷᠬᠠᠶᠢᠯᠠᠭᠰᠠᠨ ᠪᠣᠯᠪᠠᠴᠤ ᠬᠠᠤᠯᠢ ᠶᠢ ᠵᠥᠷᠢᠴᠡᠭᠰᠡᠨ ᠣᠨᠴᠠᠭᠠᠶ ᠦᠶᠯᠡ ᠠᠵᠢᠯᠯᠠᠭ᠎ᠠ ᠣᠷᠣᠰᠢᠵᠤ ᠪᠠᠶᠢᠪᠠᠯ ᠮᠥᠨ ᠬᠦ ᠲᠤᠬᠠᠶ ᠶᠢᠨ ᠲᠠᠯᠠᠪᠠᠢ ᠳᠤ ᠬᠢᠨᠠᠨ ᠪᠠᠶᠢᠴᠠᠭᠠᠨ᠎ᠠ᠃ ᠬᠤᠶᠠᠷ ᠲᠤ᠂ ᠦᠨᠡᠮᠯᠡᠯ ᠢ ᠬᠤᠪᠢᠷᠠᠭᠤᠯᠬᠤ  ᠶᠢ ᠵᠢᠷᠤᠮᠵᠢᠭᠤᠯᠵᠤ᠂ ᠵᠥᠪᠰᠢᠶᠡᠷᠡᠭᠰᠡᠨ ᠪᠠᠶᠢᠭᠤᠯᠭ᠎ᠠ ᠠᠴᠠ ᠪᠠᠶᠢᠴᠠᠭᠠᠨ ᠬᠡᠮᠵᠢᠬᠦ ᠲᠠᠯᠠᠪᠤᠷ ᠤᠨ ᠬᠠᠶ᠋ᠢᠭ ᠨᠢ ᠬᠤᠪᠢᠷᠠᠯᠲᠠ ᠭᠠᠷᠤᠭᠰᠠᠨ ᠪᠠᠶᠢᠳᠠᠯ ᠳᠤ ᠲᠤᠬᠠᠶ ᠶᠢᠨ ᠲᠠᠯᠠᠪᠠᠢ ᠳᠤ ᠬᠢᠨᠠᠨ ᠪᠠᠶᠢᠴᠠᠭᠠᠯᠲᠠ ᠬᠢᠬᠦ ᠶᠢ ᠱᠠᠭᠠᠷᠳᠠᠪᠠ︔ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠶᠢᠯᠡᠭᠦᠯᠬᠦ᠂  ᠰᠠᠯᠵᠤ ᠲᠤᠰᠠᠭᠠᠷᠯᠠᠬᠤ᠂ ᠳᠠᠬᠢᠨ ᠪᠠᠶᠢᠭᠤᠯᠬᠤ᠂ ᠲᠦᠷᠢᠮ ᠤᠨ ᠥᠭᠡᠷᠡᠴᠢᠯᠡᠯᠲᠡ ᠵᠡᠷᠭᠡ ᠭᠤᠤᠯ ᠴᠣᠭᠴᠠ ᠶᠢᠨ ᠬᠢᠷᠢ ᠬᠡᠮ ᠨᠢ ᠬᠤᠪᠢᠷᠠᠯᠲᠠ ᠭᠠᠷᠤᠭᠰᠠᠨ ᠪᠠᠶᠢᠳᠠᠯ ᠭᠠᠷᠪᠠᠯ᠂ ᠬᠢᠷᠢ ᠬᠡᠮ ᠤᠨ ᠭᠤᠶᠤᠴᠢᠯᠠᠯ ᠢᠶᠠᠨ ᠳᠠᠭᠢᠵᠤ ᠲᠤᠰᠢᠶᠠᠬᠤ ᠬᠡᠷᠡᠭᠲᠡᠢ︔ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠨᠥᠬᠦᠴᠡᠯ ᠢ ᠥᠯᠥ ᠨᠥᠯᠥᠭᠡᠯᠡᠬᠦ ᠪᠤᠰᠤᠳ ᠵᠦᠶᠯᠡᠰ ᠢ ᠬᠤᠪᠢᠷᠠᠭᠤᠯᠤᠭᠰᠠᠨ ᠪᠠᠶᠢᠪᠠᠯ᠂ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠰᠠᠨ ᠤ ᠳᠠᠷᠠᠭ᠎ᠠ ᠰᠢᠭᠤᠳ ᠬᠤᠪᠢᠷᠠᠭᠤᠯᠵᠤ ᠪᠣᠯᠤᠨ᠎ᠠ᠃ ᠭᠤᠷᠪᠠ ᠳᠤ᠂ ᠬᠢᠷᠢ ᠬᠡᠮ ᠤᠨ ᠦᠨᠡᠮᠯᠡᠯ ᠤᠨ ᠠᠭᠤᠯᠭ᠎ᠠ᠂ ᠬᠦᠴᠦᠨ ᠲᠠᠢ ᠬᠤᠭᠤᠴᠠᠭ᠎ᠠ᠂ ᠭᠡᠭᠡᠭᠰᠡᠨ ᠢ ᠨᠥᠬᠦᠵᠦ ᠣᠯᠭᠤᠬᠤ ᠵᠢᠴᠢ ᠡᠵᠡᠩᠨᠡᠯᠲᠡ ᠶᠢ ᠵᠣᠭᠰᠣᠭᠠᠬᠤ ᠵᠡᠷᠭᠡ ᠵᠦᠶᠯᠡᠰ ᠢ ᠵᠢᠷᠤᠮᠵᠢᠭᠤᠯᠪᠠ᠃        ︵ᠬᠤᠶᠠᠷ︶ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠪᠠ᠃       ᠨᠢᠭᠡ ᠳᠤ᠂ ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ ᠲᠠᠰᠤᠭ ᠪᠠᠶᠢᠭᠤᠯᠬᠤ᠂ ᠶᠠᠰᠤ ᠴᠢᠨᠠᠷ ᠢ ᠪᠠᠲᠤᠯᠠᠬᠤ ᠰᠢᠰᠲ᠋ᠧᠮ ᠤᠨ ᠠᠵᠢᠯᠯᠠᠭᠠᠨ᠂ ᠥᠯᠢᠭᠡᠷ ᠡᠳ᠋ ᠪᠠ ᠲᠠᠩᠰᠠ ᠡᠪᠬᠡᠮᠡᠯ ᠤᠨ ᠬᠠᠮᠢᠶᠠᠷᠤᠯᠲᠠ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠵᠤ ᠪᠣᠯᠬᠤ ᠥᠬᠡᠶ᠂ ᠠᠳᠠᠯᠢ ᠨᠢᠭᠡᠨ ᠲᠥᠷᠥᠯ ᠵᠦᠢᠯ ᠤᠨ ᠳᠠᠭᠠᠭᠠᠴᠢᠯᠠᠯᠲᠠ ᠶᠢᠨ ᠬᠡᠰᠡᠭ ᠲᠤ ᠣᠯᠠᠨ ᠲᠠᠯ᠎ᠠ ᠶᠢᠨ ᠨᠠᠶᠢᠳᠠᠯᠭ᠎ᠠ ᠶᠢ ᠵᠡᠷᠭᠡ ᠪᠠᠷ ᠬᠦᠯᠢᠶᠡᠵᠦ ᠪᠣᠯᠬᠤ ᠥᠬᠡᠶ᠂ ᠰᠢᠯᠵᠢᠭᠦᠯᠦᠨ ᠳᠠᠭᠠᠭᠠᠴᠢᠯᠠᠭᠤᠯᠵᠤ᠂ ᠲᠣᠭᠲᠠᠭᠠᠯ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠵᠤ ᠪᠣᠯᠬᠤ ᠥᠬᠡᠶ᠂ ᠪᠠᠶᠢᠴᠠᠭᠠᠨ ᠬᠡᠮᠵᠢᠬᠦ ᠶᠠᠪᠤᠴᠠ ᠳᠤ ᠣᠯᠵᠤ ᠮᠡᠳᠡᠭᠰᠡᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠬᠢᠷᠢ ᠲᠡᠩᠴᠡᠭᠦ ᠥᠬᠡᠶ ᠲᠥᠷᠥᠯ ᠵᠦᠶᠯ ᠢ ᠴᠠᠭ ᠲᠤᠬᠠᠶ ᠳᠤ ᠨᠢ ᠮᠡᠳᠡᠭᠦᠯᠵᠦ᠂ ᠬᠢᠷᠢ ᠬᠡᠮ ᠤᠨ ᠦᠨᠡᠮᠯᠡᠯ ᠢᠶᠠᠨ ᠰᠢᠯᠵᠢᠭᠦᠯᠵᠦ ᠥᠭᠬᠦ᠂ ᠲᠦᠷᠢᠶᠡᠰᠦᠯᠡᠭᠦᠯᠵᠦ ᠪᠣᠯᠬᠤ ᠥᠬᠡᠶ ᠭᠡᠵᠦ ᠲᠣᠭᠲᠠᠭᠠᠵᠠᠶ᠃       ᠬᠤᠶᠠᠷ ᠲᠤ᠂ ᠪᠠᠶᠢᠴᠠᠭᠠᠨ ᠬᠡᠮᠵᠢᠬᠦ ᠠᠵᠢᠯᠲᠠᠨ ᠤ ᠠᠵᠢᠯ ᠡᠷᠭᠢᠯᠡᠬᠦ ᠦᠶᠯᠡ ᠠᠵᠢᠯᠯᠠᠭ᠎ᠠ ᠶᠢ ᠪᠥᠬᠦ ᠲᠠᠯ᠎ᠠ  ᠪᠠᠷ ᠵᠢᠷᠤᠮᠵᠢᠭᠤᠯᠵᠤ᠂ ᠪᠠᠶᠢᠴᠠᠭᠠᠨ ᠬᠡᠮᠵᠢᠬᠦ ᠠᠵᠢᠯᠲᠠᠨ ᠬᠤᠶᠠᠷ ᠠᠴᠠ ᠳᠡᠭᠡᠭᠰᠢ ᠪᠠᠶᠢᠴᠠᠭᠠᠨ ᠬᠡᠮᠵᠢᠬᠦ ᠪᠠᠶᠢᠭᠤᠯᠤᠮᠵᠢ  ᠳᠤ ᠪᠠᠶᠢᠴᠠᠭᠠᠨ ᠬᠡᠮᠵᠢᠬᠦ ᠠᠵᠢᠯᠯᠠᠭ᠎ᠠ ᠬᠢᠬᠦ ᠶᠢ ᠲᠣᠳᠣᠷᠬᠠᠶ ᠴᠠᠭᠠᠵᠠᠯᠠᠵᠤ᠂ ᠪᠠᠶᠢᠴᠠᠭᠠᠨ ᠬᠡᠮᠵᠢᠬᠦ ᠠᠵᠢᠯᠲᠠᠨ ᠠᠵᠢᠯ  ᠤᠨ ᠲᠥᠬᠦᠮ ᠢ ᠠᠰᠢᠭᠯᠠᠨ ᠪᠥᠲᠥᠭᠡᠨ ᠪᠠᠶᠢᠭᠤᠯᠤᠯᠲᠠ ᠶᠢᠨ ᠮᠠᠲ᠋ᠧᠷᠢᠶᠠᠯ᠂ ᠲᠣᠨᠣᠭᠯᠠᠭᠠᠰᠤ ᠪᠠ ᠲᠥᠬᠦᠭᠡᠷᠦᠮᠵᠢ ᠶᠢ ᠪᠣᠷᠣᠯᠠᠭᠤᠯᠵᠤ ᠪᠣᠯᠬᠤ ᠥᠬᠡᠶ᠃       ︵ᠭᠤᠷᠪᠠ︶ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃       1.  ᠬᠢᠨᠠᠨ ᠪᠠᠶᠢᠴᠠᠭᠠᠯᠲᠠ ᠶᠢ ᠴᠢᠩᠭᠠᠷᠠᠭᠤᠯᠪᠠ᠃ ᠨᠢᠭᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠬᠡᠮᠵᠢᠬᠦ ᠠᠵᠢᠯ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠢᠨᠠᠨ ᠪᠠᠶᠢᠴᠠᠭᠠᠯᠲᠠ ᠶᠢᠨ ᠪᠣᠳᠠᠲᠠᠢ ᠠᠭᠤᠯᠭ᠎ᠠ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠬᠤᠶᠠᠷ ᠲᠤ᠂ ᠶᠠᠮᠤᠨ ᠮᠤᠵᠢ ᠬᠤᠶᠠᠷ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠴᠠᠭᠤᠯᠤᠯ ᠲᠤᠷᠰᠢᠯᠲᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠣᠳᠠᠲᠠᠶ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠬᠤ ᠶᠢ ᠲᠣᠭᠲᠠᠭᠠᠪᠠ᠃ ᠭᠤᠷᠪᠠ ᠳᠤ᠂ ᠨᠡᠶᠢᠭᠡᠮ ᠤᠨ ᠬᠢᠨᠠᠯᠲᠠ ᠶᠢ ᠴᠢᠩᠭᠠᠷᠠᠭᠤᠯᠤᠨ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠳᠤ ᠬᠤᠯᠪᠣᠭᠳᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ  ᠶᠢᠨ ᠬᠠᠮᠲᠤ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠴᠠᠭ ᠲᠤᠬᠠᠶ ᠳᠤ ᠨᠢ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠱᠠᠭᠠᠷᠳᠠᠪᠠ᠃ ᠳᠥᠷᠪᠡ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠢᠲᠡᠭᠡᠮᠵᠢ ᠶᠢᠨ ᠬᠠᠮᠢᠶᠠᠷᠤᠯᠲᠠ ᠶᠢ ᠨᠢᠭᠡᠳᠦᠯᠲᠡᠶ ᠬᠠᠷᠢᠭᠤᠴᠠᠵᠤ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠪᠠᠶᠢᠴᠠᠭᠠᠨ ᠬᠡᠮᠵᠢᠬᠦ ᠠᠵᠢᠯᠲᠠᠨ ᠤ ᠠᠵᠢᠯ ᠡᠷᠭᠢᠯᠡᠬᠦ ᠦᠶᠯᠡ ᠠᠵᠢᠯᠯᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠢᠲᠡᠭᠡᠮᠵᠢ ᠶᠢᠨ ᠬᠠᠮᠢᠶᠠᠷᠤᠯᠲᠠ ᠥᠷᠨᠢᠭᠦᠯᠦᠨ᠎ᠡ᠃ ᠲᠠᠪᠤ ᠳᠤ᠂ ᠬᠢᠷᠢ ᠬᠡᠮ ᠣᠯᠤᠭᠰᠠᠨ ᠤ ᠳᠠᠷᠠᠭ᠎ᠠ ᠳᠠᠭᠢᠵᠤ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠥᠬᠡᠶ ᠪᠣᠯᠤᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃       2. ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠪᠡ᠃ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ﹀ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾        ︵ᠲᠥᠷᠥ ᠲᠥᠷᠥ ᠶᠢᠨ ᠶᠠᠪᠤᠳᠠᠯ ᠲᠠᠷᠬᠠᠭᠠᠭᠰᠠᠨ  ﹇2021﹈ 26 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠢᠯ ᠲᠥᠷᠥᠯ ᠤᠨ ᠬᠠᠮᠢᠶᠠᠷᠤᠯᠲᠠ ᠶᠢᠨ ᠪᠣᠳᠠᠲᠠᠶ ᠬᠡᠷᠡᠭᠴᠡᠭᠡ ᠲᠠᠢ ᠤᠶᠠᠯᠳᠤᠭᠤᠯᠵᠤ᠂ ᠳᠦᠷᠢᠮ ᠲᠣᠭᠲᠠᠭᠠᠯ ᠤᠨ ᠡᠷᠬᠡ ᠮᠡᠳᠡᠯ ᠤᠨ ᠬᠡᠪᠴᠢᠶᠡᠨ ᠳᠣᠲᠣᠷ᠎ᠠ᠂ ︽ᠠᠷᠭ᠎ᠠ︾ ᠳᠤ ᠬᠠᠤᠯᠢ  ᠠᠴᠠ ᠵᠥᠷᠢᠴᠡᠭᠰᠡᠨ ᠪᠣᠳᠠᠲᠠᠶ ᠪᠠᠶᠢᠳᠠᠯ ᠢ ᠨᠢ ᠦᠵᠡᠵᠦ ᠪᠠᠶᠢᠭᠠᠳ ᠪᠠᠶᠢᠴᠠᠭᠠᠨ ᠬᠡᠮᠵᠢᠬᠦ ᠪᠠᠶᠢᠭᠤᠯᠤᠮᠵᠢ ᠪᠣᠯᠤᠨ ᠪᠠᠶᠢᠴᠠᠭᠠᠨ ᠬᠡᠮᠵᠢᠬᠦ ᠠᠵᠢᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠡᠷᠡᠮᠵᠢᠯᠡᠭᠦᠯᠬᠦ᠂ ᠨᠡᠶᠢᠲᠡᠯᠡᠨ ᠰᠢᠭᠦᠮᠵᠢᠯᠡᠬᠦ ᠪᠠ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠶ ᠵᠣᠭᠤᠰ ᠢᠶᠠᠷ ᠲᠣᠷᠭᠠᠨ᠎ᠠ᠃       ᠡᠭᠦᠨ ᠠᠴᠠ ᠭᠠᠳᠠᠨ᠎ᠠ᠂ ᠲᠦᠷᠢᠮ ᠲᠣᠭᠲᠠᠭᠠᠯ ᠳᠤ ᠪᠠᠰᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠠᠵᠢᠯ ᠤᠨ ᠵᠢᠷᠦᠮ ᠤᠨ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠢ ᠲᠣᠭᠲᠠᠭᠠᠬᠤ ᠡᠷᠬᠡ ᠣᠯᠭᠤᠵᠤ᠂ ︽ᠠᠷᠭ᠎ᠠ︾ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠪᠠ᠃            ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠄ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ  ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号