ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ | ᠶᠢᠨ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠤ ᠵᠠᠷᠯᠢᠭ 2023 ᠣᠨ ᠤ 9 ᠳ᠋ᠦ᠋ᠭᠡᠷ ᠲᠣᠭᠠᠲᠤ︶ | ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ | ᠬᠠᠮᠢᠶᠠᠷᠤᠯᠲᠠ ᠶᠢᠨ ᠠᠷᠭ᠎ᠠ︾ ᠶᠢ 2023 ᠣᠨ ᠤ 8 ᠳ᠋ᠤᠭᠠᠷ ᠰᠠᠷ᠎ᠠ ᠶᠢᠨ 18 ᠤ ᠡᠳᠦᠷ17 ᠳ᠋ᠤᠭᠠᠷ ᠶᠠᠮᠤᠨ ᠤ | ᠶᠠᠪᠤᠳᠠᠯ ᠤᠨ ᠬᠤᠷᠠᠯ ᠢᠶᠠᠷ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠠᠮᠤᠨ ᠤ ᠰᠠᠶᠢᠳ ᠯᠢ ᠰᠢᠶᠤᠤ ᠫᠧᠩ | 2023 ᠣᠨ ᠤ 8 ᠳ᠋ᠤᠭᠠᠷ ᠰᠠᠷ᠎ᠠ ᠶᠢᠨ 22 ᠤᠨ ᠡᠳᠦᠷ | | ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ | ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠶᠯ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠬᠠᠮᠢᠶᠠᠷᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ | ᠵᠢᠴᠢ ᠠᠷᠠᠳ ᠲᠦᠮᠡᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠢ | ᠦᠨᠳᠦᠰᠦᠯᠡᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠶᠯ ᠵᠠᠰᠠᠮᠠᠯ ᠵᠠᠮ ᠤᠨ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ | ᠪᠠᠶᠢᠴᠠᠭᠠᠨ ᠬᠡᠮᠵᠢᠬᠦ ᠪᠠᠶᠢᠭᠤᠯᠤᠮᠵᠢ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠵᠢᠴᠢ ᠬᠢᠨᠠᠯᠲᠠ | ᠬᠠᠮᠢᠶᠠᠷᠤᠯᠲᠠ ᠳᠤ ᠲᠤᠰ ᠠᠷᠭ᠎ᠠ ᠲᠣᠬᠢᠷᠠᠨ᠎ᠠ᠃ | ᠭᠤᠷᠪᠠᠳᠤᠭᠠᠷ ᠵᠦᠶᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠮᠠᠯ ᠵᠠᠮ ᠤᠰᠤᠨ ᠲᠡᠭᠡᠭᠡᠪᠦᠷᠢ ᠶᠢᠨ | ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠭᠡᠳᠡᠭ ᠨᠢ ᠲᠤᠰ ᠠᠷᠭ᠎ᠠ ᠶᠢᠨ ᠲᠣᠭᠲᠠᠭᠠᠯ ᠶᠣᠰᠣᠭᠠᠷ ᠵᠠᠰᠠᠮᠠᠯ | ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ | ᠢ ᠣᠯᠤᠭᠰᠠᠨ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ | ᠪᠠᠶᠢᠭᠤᠯᠤᠮᠵᠢ ︵ᠳᠣᠷᠣᠭᠰᠢ ᠪᠠᠶᠢᠴᠠᠭᠠᠨ ᠬᠡᠮᠵᠢᠬᠦ ᠪᠠᠶᠢᠭᠤᠯᠤᠮᠵᠢ ᠭᠡᠵᠦ ᠲᠣᠪᠴᠢᠯᠠᠨ᠎ᠠ︶ ᠠᠴᠠ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠤᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ | ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ᠂ ᠳᠦᠷᠢᠮᠵᠢᠯ ᠢ ᠪᠠᠷᠢᠮᠲᠠᠯᠠᠵᠤ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ | ᠪᠠᠷᠢᠯᠭ᠎ᠠ ᠶᠢᠨ ᠬᠡᠷᠡᠭᠯᠡᠬᠦ ᠮᠠᠲ᠋ᠧᠷᠢᠶᠠᠯ᠂ ᠲᠣᠨᠣᠭᠯᠠᠭᠠᠰᠤ᠂ ᠪᠠᠷᠢᠯᠭ᠎ᠠ ᠶᠢᠨ ᠪᠦᠲᠦᠭᠡᠭᠳᠡᠬᠦᠨ᠂ ᠪᠠᠷᠢᠯᠭ᠎ᠠ ᠶᠢᠨ ᠪᠣᠳᠠᠲᠤ | ᠴᠣᠭᠴᠠ ᠵᠡᠷᠭᠡ ᠳᠤ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠬᠢᠬᠦ ᠶᠢ ᠵᠢᠭᠠᠵᠤ ᠪᠤᠶ᠃ | ᠳᠥᠷᠪᠡᠳᠦᠭᠡᠷ ᠵᠦᠶᠯ ᠵᠠᠰᠠᠮᠠᠯ ᠵᠡᠮ ᠤᠰᠦᠠ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠠᠵᠢᠯᠯᠠᠭ᠎ᠠ ᠨᠢ ᠰᠢᠨᠵᠢᠯᠡᠬᠦ ᠤᠬᠠᠭᠠᠨᠴᠢ᠂ ᠪᠤᠰᠤᠳᠴᠢ᠂ ᠴᠢᠩᠭ᠎ᠠ ᠬᠢᠨᠠᠮᠠᠭᠠᠢ᠂ ᠲᠥᠪ ᠭᠤᠤᠯᠴᠢ ᠪᠠᠶᠢᠬᠤ | ᠵᠠᠷᠴᠢᠮ ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠦᠬᠦ ᠤᠯᠤᠰ ᠤᠨ ᠵᠠᠰᠠᠮᠠᠯ ᠵᠠᠮ ᠤᠰᠤᠨ | ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠡᠮ | ᠬᠠᠷᠢᠯᠴᠠᠭ᠎ᠠ ᠲᠡᠭᠡᠭᠡᠪᠦᠷᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ | ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠮᠠᠯ ᠵᠡᠮ ᠤᠰᠦᠠ ᠲᠡᠭᠡᠭᠡᠪᠦᠷᠢ ᠶᠢᠨ ᠪᠠᠷᠢᠯᠭ᠎ᠠ | ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠶᠠᠳᠤᠭᠠᠷ ᠪᠦᠯᠦᠭ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠬᠠᠮᠢᠶᠠᠷᠤᠯᠲᠠ | ᠵᠢᠷᠭᠤᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠵᠠᠰᠠᠮᠠᠯ ᠵᠠᠮ ᠤᠰᠤᠨ ᠲᠡᠭᠡᠭᠡᠪᠦᠷᠢ ᠶᠢᠨ | ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ︵ᠳᠣᠷᠣᠭᠰᠢ ᠶᠠᠰᠤ ᠴᠢᠨᠠᠷ ᠢ ᠪᠠᠶᠢᠴᠠᠭᠠᠨ ᠬᠡᠮᠵᠢᠬᠦ ᠭᠡᠵᠦ | ᠲᠣᠪᠴᠢᠯᠠᠨ᠎ᠠ︶ ᠠᠵᠢᠯᠯᠠᠭ᠎ᠠ ᠬᠢᠬᠦ ᠳᠤ᠂ ᠬᠢᠷᠢ ᠬᠡᠮ ᠤᠨ ᠳᠡᠰ ᠲᠠᠢ ᠬᠠᠷᠠᠭᠠᠯᠵᠠᠭᠰᠠᠨ ᠵᠥᠪᠰᠢᠶᠡᠷᠡᠯ ᠤᠨ ᠬᠡᠪᠴᠢᠶᠡᠨ | ᠳᠣᠲᠣᠷ᠎ᠠ ᠶᠠᠰᠤ ᠴᠢᠨᠠᠷ ᠢ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠢ ᠡᠭᠦᠷᠭᠡᠯᠡᠬᠦ ᠬᠡᠷᠡᠭᠲᠡᠶ᠃ | ᠳᠣᠯᠣᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠵᠠᠰᠠᠮᠠᠯ ᠵᠠᠮ ᠤᠨ ᠪᠠᠷᠢᠯᠭ᠎ᠠ | ᠪᠣᠯᠤᠨ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠰᠬᠠᠶ ᠮᠡᠷᠭᠡᠵᠢᠯ ᠭᠡᠵᠦ ᠬᠤᠪᠢᠶᠠᠨ᠎ᠠ᠃ | ᠵᠠᠰᠠᠮᠠᠯ ᠵᠠᠮ ᠤᠨ ᠪᠠᠷᠢᠯᠭ᠎ᠠ ᠶᠢᠨ ᠲᠤᠰᠬᠠᠶ ᠠᠵᠢᠯ ᠳᠤ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ | ᠤᠨ ᠬᠢᠷᠢ ᠬᠡᠮ ᠪᠠ ᠵᠠᠮ ᠬᠠᠷᠢᠯᠴᠠᠭᠠᠨ ᠤ ᠪᠠᠷᠢᠯᠭ᠎ᠠ ᠶᠢᠨ ᠲᠤᠰᠬᠠᠶ ᠵᠦᠶᠯ᠂ ᠬᠥᠭᠦᠷᠭᠡ ᠨᠦᠬᠡᠨ ᠵᠠᠮ ᠤᠨ ᠪᠠᠷᠢᠯᠭ᠎ᠠ | ᠶᠢᠨ ᠲᠤᠰᠬᠠᠶ ᠵᠦᠶᠯ ᠤᠨ ᠬᠢᠷᠢ ᠬᠡᠮ ᠢ ᠲᠣᠬᠢᠷᠠᠭᠤᠯᠤᠨ᠎ᠠ᠃ | ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠤᠨ ᠲᠤᠰᠬᠠᠶ ᠮᠡᠷᠭᠡᠵᠢᠯ ᠢ ᠮᠠᠲ᠋ᠧᠷᠢᠶᠠᠯ ᠤᠨ ᠲᠥᠷᠥᠯ ᠪᠠ | ᠪᠦᠲᠦᠴᠡ ᠶᠢᠨ ᠲᠥᠷᠥᠯ ᠭᠡᠵᠦ ᠬᠤᠪᠢᠶᠠᠨ᠎ᠠ᠃ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ | ᠳᠤ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠬᠢᠷᠢ ᠬᠡᠮ ᠢ ᠲᠣᠬᠢᠷᠠᠭᠤᠯᠤᠨ᠎ᠠ᠃ ᠤᠰᠤᠨ ᠲᠡᠭᠡᠭᠡᠪᠦᠷᠢ | ᠶᠢᠨ ᠪᠠᠷᠢᠯᠭ᠎ᠠ ᠶᠢᠨ ᠪᠦᠲᠦᠴᠡ ᠶᠢᠨ ᠲᠥᠷᠥᠯ ᠳᠤ ᠬᠥᠬᠡ ᠲᠠᠰ᠂ ᠬᠥᠬᠡᠭᠴᠢᠨ ᠲᠠᠰ ᠤᠨ ᠬᠢᠷᠢ ᠭᠡᠮ ᠢ | ᠲᠣᠬᠢᠷᠠᠭᠤᠯᠤᠨ᠎ᠠ᠃ | ᠨᠠᠶᠮᠠᠳᠤᠭᠠᠷ ᠵᠦᠶᠯ ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠳᠡᠰ᠂ ᠵᠠᠮ ᠬᠠᠷᠢᠯᠴᠠᠭᠠᠨ ᠤ ᠪᠠᠷᠢᠯᠭ᠎ᠠ ᠶᠢᠨ | ᠲᠤᠰᠬᠠᠶ ᠵᠦᠶᠯ᠂ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠤᠨ ᠬᠥᠬᠡ ᠳᠡᠰ᠂ | ᠪᠦᠲᠦᠴᠡ ᠶᠢᠨ ᠲᠥᠷᠥᠯ ᠤᠨ ᠬᠥᠬᠡ ᠲᠠᠰ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ | ᠭᠤᠶᠤᠴᠢᠯᠠᠬᠤ ᠳᠤ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ | ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠃ | ᠵᠠᠰᠠᠮᠠᠯ ᠵᠠᠮ ᠤᠨ ᠪᠠᠷᠢᠯᠭ᠎ᠠ ᠶᠢᠨ ᠬᠥᠬᠡᠭᠴᠢᠨ ᠲᠠᠰ ᠪᠠ ᠤᠯᠠᠭᠠᠨ ᠲᠠᠰ᠂ ᠬᠥᠭᠦᠷᠭᠡ ᠨᠦᠬᠡᠨ ᠵᠠᠮ ᠤᠨ | ᠪᠠᠷᠢᠯᠭ᠎ᠠ ᠶᠢᠨ ᠲᠤᠰᠬᠠᠶ ᠲᠥᠷᠥᠯ᠂ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠤᠨ | ᠬᠥᠬᠡᠭᠴᠢᠨ ᠲᠠᠰ ᠪᠠ ᠤᠯᠠᠭᠠᠨ ᠲᠠᠰ᠂ ᠪᠦᠲᠦᠴᠡ ᠶᠢᠨ ᠲᠥᠷᠥᠯ ᠤᠨ ᠬᠥᠬᠡᠭᠴᠢᠨ ᠲᠠᠰ ᠤᠨ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠬᠡᠮ ᠢ ᠭᠤᠶᠤᠴᠢᠯᠠᠬᠤ ᠳᠤ᠂ ᠲᠣᠰ ᠠᠷᠭ᠎ᠠ ᠶᠢᠨ ᠲᠣᠭᠲᠠᠭᠠᠯ ᠶᠣᠰᠣᠭᠠᠷ | ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠶ᠃ | ᠶᠢᠰᠦᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠭᠤᠶᠤᠴᠢᠯᠠᠬᠤ ᠪᠠᠶᠢᠴᠠᠭᠠᠨ | ᠬᠡᠮᠵᠢᠬᠦ ᠪᠠᠶᠢᠭᠤᠯᠤᠮᠵᠢ ︵ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ︶ ᠨᠢ ᠳᠣᠤᠷᠠᠬᠢ ᠨᠥᠬᠦᠴᠡᠯ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠬᠠᠤᠯᠢ ᠶᠣᠰᠣᠭᠠᠷ ᠪᠠᠶᠢᠭᠤᠯᠤᠭᠳᠠᠭᠰᠠᠨ ᠬᠠᠤᠯᠢ ᠶᠢᠨ ᠡᠷᠬᠡᠲᠡᠨ︔ | ︵ᠬᠤᠶᠠᠷ︶ ᠵᠣᠬᠢᠬᠤ ᠲᠣᠭᠠᠨ ᠤ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ | ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠴᠢᠳᠠᠪᠤᠷᠢ ᠲᠠᠢ ᠠᠵᠢᠯᠲᠠᠨ ᠪᠠᠶᠢᠬᠤ ︵ᠳᠣᠷᠣᠭᠰᠢ ᠪᠠᠶᠢᠴᠠᠭᠠᠨ | ᠬᠡᠮᠵᠢᠬᠦ ᠠᠵᠢᠯᠲᠠᠨ ᠭᠡᠵᠦ ᠲᠣᠪᠴᠢᠯᠠᠨ᠎ᠠ︶︔ | ︵ᠭᠤᠷᠪᠠ︶ ᠭᠤᠶᠤᠴᠢᠯᠠᠬᠤ ᠬᠢᠷᠢ ᠬᠡᠮ ᠲᠠᠢ ᠲᠣᠬᠢᠷᠠᠯᠴᠠᠭᠰᠠᠨ ᠶᠠᠰᠤ ᠴᠢᠨᠠᠷ ᠢ ᠪᠠᠶᠢᠴᠠᠭᠠᠨ ᠬᠡᠮᠵᠢᠬᠦ | ᠪᠠᠭᠠᠵᠢ ᠬᠡᠷᠡᠭᠰᠡᠯ ᠪᠡᠯᠡᠳᠬᠡᠮᠵᠢ ᠪᠠ ᠲᠥᠬᠦᠭᠡᠷᠦᠮᠵᠢ ᠲᠠᠢ ᠪᠠᠶᠢᠬᠤ︔ | ︵ᠳᠥᠷᠪᠡ︶ ᠶᠠᠰᠤ ᠴᠢᠨᠠᠷ ᠢ ᠪᠠᠶᠢᠴᠠᠭᠠᠨ ᠬᠡᠮᠵᠢᠬᠦ ᠲᠣᠭᠲᠠᠮᠠᠯ ᠲᠠᠯᠠᠪᠠᠢ ᠲᠠᠢ ᠪᠥᠭᠡᠳ ᠣᠷᠴᠢᠨ | ᠲᠣᠭᠤᠷᠢᠨ ᠤ ᠨᠥᠬᠦᠴᠡᠯ ᠨᠢ ᠶᠠᠰᠤ ᠴᠢᠨᠠᠷ ᠢ ᠪᠠᠶᠢᠴᠠᠭᠠᠨ ᠬᠡᠮᠵᠢᠬᠦ ᠱᠠᠭᠠᠷᠳᠠᠯᠭ᠎ᠠ ᠳᠤ ᠬᠦᠷᠦᠭᠰᠡᠨ ᠪᠠᠶᠢᠬᠤ︔ | ︵ᠲᠠᠪᠤ︶ ᠪᠦᠲᠦᠮᠵᠢᠲᠡᠶ ᠠᠵᠢᠯᠯᠠᠭᠠᠨ ᠤ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠲᠠᠢ ᠪᠠᠶᠢᠬᠤ᠃ | ᠠᠷᠪᠠᠳᠤᠭᠠᠷ ᠵᠦᠶᠯ ᠭᠤᠶᠤᠴᠢᠯᠠᠭᠴᠢ ᠠᠳᠠᠯᠢ ᠪᠤᠰᠤ ᠶᠢᠨ ᠲᠤᠰᠬᠠᠶ ᠮᠡᠷᠭᠡᠵᠢᠯ᠂ ᠠᠳᠠᠯᠢ ᠪᠤᠰᠤ ᠶᠢᠨ ᠳᠡᠰ | ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠠᠮᠲᠤ ᠳᠤ ᠨᠢ ᠭᠤᠶᠤᠴᠢᠯᠠᠵᠤ ᠪᠣᠯᠤᠨ᠎ᠠ᠃ | ᠠᠷᠪᠠᠨ ᠨᠢᠭᠡᠳᠦᠭᠡᠷ ᠵᠦᠶᠯ ᠭᠤᠶᠤᠴᠢᠯᠠᠭᠴᠢ ᠠᠴᠠ ᠲᠤᠰ ᠠᠷᠭ᠎ᠠ ᠶᠢᠨ ᠲᠣᠭᠲᠠᠭᠠᠯ ᠶᠣᠰᠣᠭᠠᠷ | ᠵᠥᠪᠰᠢᠶᠡᠷᠡᠬᠦ ᠪᠠᠶᠢᠭᠤᠯᠭ᠎ᠠ ᠳᠤ ᠳᠣᠤᠷᠠᠬᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠄ | ︵ᠨᠢᠭᠡ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠭᠤᠶᠤᠴᠢᠯᠠᠬᠤ ᠪᠢᠴᠢᠭ︔ | ︵ᠬᠤᠶᠠᠷ︶ ᠪᠠᠶᠢᠴᠠᠭᠠᠨ ᠬᠡᠮᠵᠢᠬᠦ ᠠᠵᠢᠯᠲᠠᠨ᠂ ᠪᠠᠭᠠᠵᠢ ᠬᠡᠷᠡᠭᠰᠡᠯ ᠪᠡᠯᠡᠳᠬᠡᠮᠵᠢ ᠪᠠ ᠲᠥᠬᠦᠭᠡᠷᠦᠮᠵᠢ᠂ | ᠶᠠᠰᠤ ᠴᠢᠨᠠᠷ ᠢ ᠪᠠᠶᠢᠴᠠᠭᠠᠨ ᠬᠡᠮᠵᠢᠬᠦ ᠲᠠᠯᠠᠪᠠᠢ ᠶᠢᠨ ᠭᠡᠷᠡᠴᠢ ᠮᠠᠲ᠋ᠧᠷᠢᠶᠠᠯ︔ | ︵ᠭᠤᠷᠪᠠ︶ ᠶᠠᠰᠤ ᠴᠢᠨᠠᠷ ᠢ ᠪᠠᠲᠤᠯᠠᠬᠤ ᠰᠢᠰᠲ᠋ᠧᠮ ᠤᠨ ᠪᠢᠴᠢᠭ ᠮᠠᠲ᠋ᠧᠷᠢᠶᠠᠯ᠃ | ᠭᠤᠶᠤᠴᠢᠯᠠᠭᠴᠢ ᠨᠢ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠭᠤᠶᠤᠴᠢᠯᠠᠭᠰᠠᠨ ᠮᠠᠲ᠋ᠧᠷᠢᠶᠠᠯ | ᠢᠶᠠᠨ ᠲᠤᠰᠢᠶᠠᠬᠤ ᠶᠢᠨ ᠬᠠᠮᠲᠤ ᠭᠤᠶᠤᠴᠢᠯᠠᠭᠰᠠᠨ ᠮᠠᠲ᠋ᠧᠷᠢᠶᠠᠯ ᠤᠨ ᠢᠶᠠᠨ ᠪᠤᠳᠠᠳᠤ ᠠᠭᠤᠯᠭ᠎ᠠ ᠶᠢᠨ ᠦᠨᠡᠨ ᠪᠣᠳᠠᠲᠤ | ᠴᠢᠨᠠᠷ ᠲᠤ ᠬᠠᠷᠢᠭᠤᠴᠠᠬᠤ ᠬᠡᠷᠡᠭᠲᠡᠶ᠃ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠬᠤ ᠬᠢᠷᠢ ᠬᠡᠮ ᠲᠠᠢ ᠨᠢ ᠬᠤᠯᠪᠣᠭᠳᠠᠯ | ᠦᠭᠡᠢ ᠮᠡᠷᠭᠡᠵᠢᠯ ᠤᠨ ᠮᠠᠲ᠋ᠧᠷᠢᠶᠠᠯ ᠪᠠ ᠪᠤᠰᠤᠳ ᠮᠠᠲ᠋ᠧᠷᠢᠶᠠᠯ ᠢ ᠲᠤᠰᠢᠶᠠᠯᠭᠠᠬᠤ ᠪᠠᠷ ᠭᠤᠶᠤᠴᠢᠯᠠᠭᠴᠢ ᠶᠢ | ᠱᠠᠭᠠᠷᠳᠠᠵᠤ ᠪᠣᠯᠬᠤ ᠦᠭᠡᠢ᠃ | ᠠᠷᠪᠠᠨ ᠬᠤᠶᠠᠳᠤᠭᠠᠷ ᠵᠦᠶᠯ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠢ ᠬᠦᠯᠢᠶᠡᠨ ᠠᠪᠤᠭᠰᠠᠨ ᠤ | ᠳᠠᠷᠠᠭ᠎ᠠ᠂ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠤᠭᠲᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠶ᠃ | ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠮᠡᠷᠭᠡᠵᠢᠯ ᠤᠨ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠨ ᠤ ᠳᠤᠭᠤᠶᠢᠯᠠᠩ ︵ᠳᠣᠷᠣᠭᠰᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠭᠡᠵᠦ | ᠲᠣᠪᠴᠢᠯᠠᠨ᠎ᠠ︶ ᠠᠴᠠ ᠡᠭᠦᠷᠭᠡᠯᠡᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠬᠠᠷᠢᠭᠤᠴᠠᠬᠤ | ᠳᠦᠷᠢᠮ ᠢ ᠬᠡᠷᠡᠭᠵᠢᠭᠦᠯᠦᠨ᠎ᠡ ᠃ | ᠬᠢᠨᠠᠨ ᠲᠣᠭᠲᠠᠭᠠᠯᠲᠠ ᠳᠤ ᠣᠷᠣᠯᠴᠠᠬᠤ ᠲᠤᠰᠬᠠᠢ ᠮᠡᠷᠭᠡᠵᠢᠯᠲᠡᠨ ᠢ ᠵᠥᠪᠰᠢᠶᠡᠷᠡᠬᠦ ᠪᠠᠶᠢᠭᠤᠯᠭ᠎ᠠ ᠨᠢ | ᠪᠠᠶᠢᠭᠤᠯᠤᠭᠰᠠᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠪᠠᠨ | ᠲᠣᠬᠢᠶᠠᠯᠳᠤᠯ ᠢᠶᠠᠷ ᠰᠣᠩᠭᠤᠨ ᠠᠪᠬᠤ ᠪᠥᠭᠡᠳ ᠵᠠᠶᠢᠯᠠᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠠᠵᠢᠯ ᠢ ᠪᠤᠰᠤᠳᠴᠢ᠂ ᠪᠡᠶ᠎ᠡ ᠪᠠᠨ ᠳᠠᠭᠠᠭᠠᠵᠤ᠂ ᠲᠥᠪ | ᠭᠤᠣᠯᠴᠢ ᠪᠠᠷ ᠥᠷᠨᠢᠭᠦᠯᠵᠦ᠂ ᠭᠤᠶᠤᠴᠢᠯᠠᠭᠴᠢ ᠶᠢᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠶᠯ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠳᠤ | ᠪᠢᠴᠢᠭ ᠢᠶᠠᠷ ᠬᠢᠨᠠᠨ ᠪᠠᠶᠢᠴᠠᠭᠠᠬᠤ ᠪᠠ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠬᠤ ᠬᠤᠶᠠᠷ ᠱᠠᠲᠤ ᠪᠠᠭᠲᠠᠨ᠎ᠠ᠂ | ᠬᠡᠷᠡᠭᠯᠡᠬᠦ ᠴᠠᠭ ᠢ ᠵᠠᠰᠠᠭ ᠵᠠᠬᠢᠷᠭᠠᠨ ᠤ ᠵᠥᠪᠰᠢᠶᠡᠷᠡᠯ ᠤᠨ ᠴᠠᠭ ᠬᠤᠭᠤᠴᠠᠭᠠᠨ ᠳᠤ ᠪᠤᠳᠤᠵᠤ ᠣᠷᠣᠭᠤᠯᠬᠤ ᠥᠬᠡᠶ᠂ | ᠭᠡᠪᠡᠴᠦ ᠵᠥᠪᠰᠢᠶᠡᠷᠡᠬᠦ ᠪᠠᠶᠢᠭᠤᠯᠭ᠎ᠠ ᠨᠢ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠴᠠᠭ | ᠬᠤᠭᠤᠴᠠᠭ᠎ᠠ ᠶᠢ ᠪᠢᠴᠢᠭ ᠢᠶᠠᠷ ᠲᠣᠬᠢᠷᠠᠭᠤᠯᠵᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠲᠤᠰᠬᠠᠶ ᠮᠡᠷᠭᠡᠵᠢᠯᠲᠡᠨ | ᠤ ᠮᠡᠷᠭᠡᠵᠢᠯ ᠤᠨ ᠬᠢᠨᠠᠨ ᠲᠣᠭᠲᠠᠭᠠᠬᠤ ᠴᠠᠭ ᠢ ᠬᠠᠮᠤᠭ ᠤᠨ ᠤᠷᠲᠤ ᠳᠤ ᠪᠠᠨ 60 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠶ᠃ | ᠠᠷᠪᠠᠨ ᠳᠥᠷᠪᠡᠳᠦᠭᠡᠷ ᠵᠦᠶᠯ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠨᠢ | ᠭᠤᠶᠤᠴᠢᠯᠠᠭᠴᠢ ᠶᠢᠨ ᠳᠡᠪᠰᠢᠭᠦᠯᠦᠨ ᠲᠤᠰᠢᠶᠠᠭᠰᠠᠨ ᠪᠦᠬᠦ ᠮᠠᠲ᠋ᠧᠷᠢᠶᠠᠯ ᠢ ᠪᠢᠴᠢᠭ ᠢᠶᠠᠷ ᠬᠢᠨᠠᠨ ᠪᠠᠶᠢᠴᠠᠭᠠᠬᠤ | ᠬᠡᠷᠡᠭᠲᠡᠶ ᠪᠥᠭᠡᠳ ᠪᠣᠳᠠᠲᠤ ᠪᠠᠶᠢᠳᠠᠯ ᠨᠢ ᠭᠤᠶᠤᠴᠢᠯᠠᠯ ᠤᠨ ᠮᠠᠲ᠋ᠧᠷᠢᠶᠠᠯ ᠯᠤᠭ᠎ᠠ ᠶᠢᠨ ᠨᠡᠶᠢᠴᠡᠬᠦ ᠴᠢᠨᠠᠷ᠂ | ᠭᠤᠶᠤᠴᠢᠯᠠᠭᠴᠢ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠷᠥᠯ ᠵᠦᠶᠯ ᠤᠨ ᠪᠣᠳᠠᠲᠠᠶ ᠴᠢᠳᠠᠪᠤᠷᠢ᠂ ᠶᠠᠰᠤ ᠴᠢᠨᠠᠷ | ᠢ ᠪᠠᠲᠤᠯᠠᠬᠤ ᠰᠢᠰᠲ᠋ᠧᠮ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠲᠠᠯᠠᠪᠠᠶ ᠳᠤ ᠨᠢ ᠬᠢᠨᠠᠨ ᠪᠠᠶᠢᠴᠠᠭᠠᠨ᠎ᠠ᠃ | ᠠᠷᠪᠠᠨ ᠲᠠᠪᠤᠳᠤᠭᠠᠷ ᠵᠦᠶᠯ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠤᠰᠬᠠᠶ ᠮᠡᠷᠭᠡᠵᠢᠯᠲᠡᠨ ᠤ | ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠬᠤᠭᠤᠴᠠᠭᠠᠨ ᠳᠣᠲᠣᠷ᠎ᠠ ᠵᠥᠪᠰᠢᠶᠡᠷᠡᠬᠦ ᠪᠠᠶᠢᠭᠤᠯᠭ᠎ᠠ ᠳᠤ ᠲᠤᠰᠬᠠᠶ | ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠬᠡᠷᠡᠭᠲᠡᠶ᠃ | ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠳᠤ ᠭᠤᠶᠤᠴᠢᠯᠠᠭᠴᠢ | ᠶᠢᠨ ᠬᠢᠷᠢ ᠬᠡᠮ ᠤᠨ ᠨᠥᠬᠦᠴᠡᠯ ᠵᠡᠷᠭᠡ ᠵᠦᠢᠯᠡᠰ ᠢ ᠬᠠᠷᠭᠤᠭᠤᠯᠤᠨ ᠪᠠᠶᠢᠴᠠᠭᠠᠵᠤ ᠰᠤᠭᠤᠴᠢᠨ ᠪᠠᠶᠢᠴᠠᠭᠠᠭᠰᠠᠨ | ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ᠂ ᠪᠣᠳᠠᠲᠠᠶ ᠪᠠᠶᠢᠳᠠᠯ ᠪᠠ ᠭᠤᠶᠤᠴᠢᠯᠠᠯ ᠤᠨ ᠮᠠᠲ᠋ᠧᠷᠢᠶᠠᠯ ᠯᠤᠭ᠎ᠠ | ᠬᠦᠨᠳᠦ ᠨᠣᠴᠢᠲᠠᠶ ᠨᠡᠶᠢᠴᠡᠬᠦ ᠦᠭᠡᠶ ᠪᠠᠶᠢᠬᠤ᠂ ᠶᠠᠰᠤ ᠴᠢᠨᠠᠷ ᠤᠨ ᠪᠠᠶᠢᠴᠠᠭᠠᠨ ᠬᠡᠮᠵᠢᠬᠦ ᠮᠡᠳᠡᠭᠦᠯᠦᠯᠲᠡ ᠶᠢ ᠬᠠᠭᠤᠷᠮᠠᠭ | ᠢᠶᠠᠷ ᠵᠣᠬᠢᠶᠠᠬᠤ᠂ ᠬᠤᠳᠠᠯ ᠬᠠᠭᠤᠷᠮᠠᠭ ᠲᠤᠭ᠎ᠠ ᠪᠠᠷᠢᠮᠲᠠ ᠭᠠᠷᠭᠠᠵᠤ ᠥᠭᠬᠦ ᠵᠡᠷᠭᠡ ᠬᠠᠤᠯᠢ ᠲᠣᠭᠲᠠᠭᠠᠯ ᠠᠴᠠ ᠬᠦᠨᠳᠦ | ᠨᠣᠴᠢᠲᠠᠶ ᠵᠥᠷᠢᠴᠡᠭᠰᠡᠨ ᠠᠰᠠᠭᠤᠳᠠᠯ ᠵᠢᠴᠢ ᠬᠢᠨᠠᠨ ᠲᠣᠭᠲᠠᠭᠠᠯᠲᠠ ᠶᠢᠨ ᠶᠡᠷᠦᠩᠬᠡᠶ ᠰᠠᠨᠠᠯ ᠵᠡᠷᠭᠡ ᠶᠢ ᠪᠠᠭᠲᠠᠭᠠᠬᠤ | ᠬᠡᠷᠡᠭᠲᠡᠶ᠃ | ᠵᠥᠪᠰᠢᠶᠡᠷᠡᠬᠦ ᠪᠠᠶᠢᠭᠤᠯᠭ᠎ᠠ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠪᠠᠶᠢᠳᠠᠯ | ᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ ᠪᠣᠯᠤᠨ᠎ᠠ ᠃ | ᠠᠷᠪᠠᠨ ᠵᠢᠷᠭᠤᠳᠤᠭᠠᠷ ᠵᠦᠶᠯ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠢ ᠬᠦᠯᠢᠶᠡᠨ ᠠᠪᠴᠤ | ᠰᠢᠶᠳᠪᠦᠷᠢᠯᠡᠬᠦ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ | ᠥᠭᠬᠦ ᠡᠰᠡᠬᠦ ᠲᠤᠬᠠᠶ ᠲᠣᠭᠲᠠᠭᠠᠯ ᠭᠠᠷᠭᠠᠬᠤ ᠬᠡᠷᠡᠭᠲᠡᠶ᠃ | ᠵᠥᠪᠰᠢᠶᠡᠷᠡᠬᠦ ᠪᠠᠶᠢᠭᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠥᠭᠭᠦᠭᠰᠡᠨ ᠪᠠᠶᠢᠪᠠᠯ᠂ ᠭᠤᠶᠤᠴᠢᠯᠠᠭᠴᠢ ᠳᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠣᠯᠭᠤᠬᠤ ᠬᠡᠷᠡᠭᠲᠡᠢ︔ ᠵᠠᠰᠠᠭ ᠵᠠᠬᠢᠷᠭᠠᠨ ᠤ | ᠵᠥᠪᠰᠢᠶᠡᠷᠡᠯ ᠥᠭᠬᠦ ᠦᠭᠡᠶ ᠪᠣᠯ ᠪᠢᠴᠢᠭ ᠤᠨ ᠲᠣᠭᠲᠠᠭᠠᠯ ᠭᠠᠷᠭᠠᠬᠤ ᠶᠢᠨ ᠬᠠᠮᠲᠤ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠨᠢ | ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠢᠶᠠᠷ ᠪᠦᠷᠢᠯᠳᠦᠨ᠎ᠡ᠃ | ᠵᠢᠩᠬᠢᠨᠢ ᠳᠡᠪᠲᠡᠷ ᠳᠡᠭᠡᠷ᠎ᠡ ᠪᠠᠶᠢᠭᠤᠯᠤᠮᠵᠢ ᠶᠢᠨ ᠨᠡᠷᠡᠶᠢᠳᠦᠯ᠂ ᠦᠨᠡᠮᠯᠡᠯ ᠣᠯᠭᠤᠭᠰᠠᠨ ᠪᠠᠶᠢᠭᠤᠯᠭ᠎ᠠ᠂ ᠬᠢᠷᠢ | ᠬᠡᠮ ᠤᠨ ᠲᠤᠰᠬᠠᠶ ᠮᠡᠷᠭᠡᠵᠢᠯ᠂ ᠲᠥᠷᠥᠯ ᠢᠯᠭᠠᠯ᠂ ᠳᠡᠰ᠂ ᠦᠨᠡᠮᠯᠡᠯ ᠣᠯᠭᠤᠭᠰᠠᠨ ᠡᠳᠦᠷ ᠬᠤᠭᠤᠴᠠᠭ᠎ᠠ᠂ ᠬᠦᠴᠦᠨ | ᠲᠠᠢ ᠬᠤᠭᠤᠴᠠᠭ᠎ᠠ᠂ ᠦᠨᠡᠮᠯᠡᠯ ᠤᠨ ᠳ᠋ᠤᠭᠠᠷ᠂ ᠪᠠᠶᠢᠴᠠᠭᠠᠨ ᠬᠡᠮᠵᠢᠬᠦ ᠬᠢᠷᠢ ᠬᠡᠮ ᠤᠨ ᠲᠡᠮᠳᠡᠭ ᠵᠡᠷᠭᠡ ᠶᠢ | ᠲᠣᠳᠣᠷᠬᠠᠶᠢᠯᠠᠬᠤ ᠬᠡᠷᠡᠭᠲᠡᠶ︔ ᠬᠠᠭᠤᠯᠪᠤᠷᠢ ᠳᠡᠪᠲᠡᠷ ᠳᠡᠭᠡᠷ᠎ᠡ ᠪᠠᠰᠠ ᠳᠠᠩᠰᠠᠯᠠᠭᠤᠯᠤᠭᠰᠠᠨ ᠬᠠᠶ᠋ᠢᠭ᠂ ᠪᠠᠶᠢᠴᠠᠭᠠᠨ | ᠬᠡᠮᠵᠢᠬᠦ ᠲᠠᠯᠠᠪᠤᠷ ᠤᠨ ᠬᠠᠶ᠋ᠢᠭ᠂ ᠪᠠᠶᠢᠭᠤᠯᠤᠮᠵᠢ ᠶᠢᠨ ᠰᠢᠨᠵᠢ ᠴᠢᠨᠠᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ | ᠵᠠᠰᠠᠭ ᠵᠠᠬᠢᠷᠭᠠᠨ ᠤ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ | ᠪᠠᠶᠢᠴᠠᠭᠠᠨ ᠬᠡᠮᠵᠢᠬᠦ ᠲᠥᠷᠥᠯ ᠵᠦᠢᠯ ᠵᠢᠴᠢ ᠪᠣᠯᠵᠣᠯᠲᠤ ᠲᠤᠭ᠎ᠠ᠂ ᠬᠢᠷᠢ ᠬᠡᠮ ᠢ ᠦᠷᠭᠦᠯᠵᠢᠯᠡᠭᠦᠯᠬᠦ ᠲᠡᠮᠳᠡᠭᠯᠡᠯ᠂ | ᠬᠤᠪᠢᠷᠠᠯᠲᠠ ᠶᠢᠨ ᠲᠡᠮᠳᠡᠭᠯᠡᠯ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠢ ᠴᠠᠭᠠᠰᠤᠨ ᠦᠨᠡᠮᠯᠡᠯ ᠪᠠ ᠡᠯᠧᠺᠲᠷᠣᠨ | ᠦᠨᠡᠮᠯᠡᠯ ᠭᠡᠵᠦ ᠬᠤᠪᠢᠶᠠᠨ᠎ᠠ᠃ ᠴᠠᠭᠠᠰᠤᠨ ᠦᠨᠡᠮᠯᠡᠯ ᠪᠣᠯᠣᠨ ᠡᠯᠧᠺᠲᠷᠣᠨ ᠦᠨᠡᠮᠯᠡᠯ ᠨᠢ ᠪᠦᠬᠦ ᠤᠯᠤᠰ ᠲᠤ | ᠨᠡᠶᠢᠳᠡᠮ ᠬᠡᠷᠡᠭᠯᠡᠵᠦ᠂ ᠠᠳᠠᠯᠢᠬᠠᠨ ᠬᠦᠴᠦᠨ ᠲᠠᠢ᠃ | ᠠᠷᠪᠠᠨ ᠨᠠᠶᠮᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠤᠨ | ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ | ᠬᠦᠴᠦᠨ ᠲᠠᠢ ᠬᠤᠭᠤᠴᠠᠭ᠎ᠠ ᠨᠢ ᠳᠦᠭᠦᠷᠴᠦ ᠶᠠᠰᠤ ᠴᠢᠨᠠᠷ ᠢ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠢ | ᠦᠷᠭᠦᠯᠵᠢᠯᠡᠨ ᠬᠢᠬᠦ ᠪᠠᠷ ᠪᠠᠶᠢᠪᠠᠯ᠂ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ 90 ᠠᠵᠢᠯᠯᠠᠬᠤ ᠡᠳᠦᠷ ᠤᠨ ᠡᠮᠦᠨ᠎ᠡ | ᠵᠥᠪᠰᠢᠶᠡᠷᠡᠬᠦ ᠪᠠᠶᠢᠭᠤᠯᠭ᠎ᠠ ᠳᠤ ᠬᠢᠷᠢ ᠬᠡᠮ ᠢᠶᠠᠨ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠶᠯ ᠭᠤᠶᠤᠴᠢᠯᠠᠭᠴᠢ ᠬᠢᠷᠢ ᠬᠡᠮ ᠢᠶᠠᠨ ᠦᠷᠭᠦᠯᠵᠢᠯᠡᠭᠦᠯᠬᠦ ᠪᠠᠷ ᠬᠢᠨᠠᠨ | ᠵᠥᠪᠰᠢᠶᠡᠷᠡᠭᠦᠯᠬᠦ ᠶᠢ ᠭᠤᠶᠤᠴᠢᠯᠠᠬᠤ ᠳᠤ ᠪᠠᠨ ᠶᠢᠰᠦᠳᠦᠭᠡᠷ ᠵᠦᠶᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ᠃ | ᠬᠤᠷᠢᠳᠤᠭᠠᠷ ᠵᠦᠶᠯ ᠭᠤᠶᠤᠴᠢᠯᠠᠭᠴᠢ ᠠᠴᠠ ᠲᠤᠰ ᠠᠷᠭ᠎ᠠ ᠶᠢᠨ ᠠᠷᠪᠠᠨ ᠨᠢᠭᠡᠳᠦᠭᠡᠷ ᠵᠦᠶᠯ ᠤᠨ | ᠲᠣᠭᠲᠠᠭᠠᠯ ᠶᠣᠰᠣᠭᠠᠷ᠂ ᠬᠢᠷᠢ ᠭᠡᠮ ᠢᠶᠠᠨ ᠦᠷᠭᠦᠯᠵᠢᠯᠡᠭᠦᠯᠬᠦ ᠪᠠᠷ ᠬᠢᠨᠠᠨ ᠵᠥᠪᠰᠢᠶᠡᠷᠡᠭᠦᠯᠬᠦ ᠶᠢ ᠭᠤᠶᠤᠴᠢᠯᠠᠬᠤ | ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠶᠯ ᠵᠥᠪᠰᠢᠶᠡᠷᠡᠬᠦ ᠪᠠᠶᠢᠭᠤᠯᠭ᠎ᠠ ᠬᠢᠷᠢ ᠭᠡᠮ ᠢᠶᠠᠨ ᠦᠷᠭᠦᠯᠵᠢᠯᠡᠭᠦᠯᠬᠦ ᠪᠠᠷ ᠬᠢᠨᠠᠨ | ᠵᠥᠪᠰᠢᠶᠡᠷᠡᠭᠦᠯᠬᠦ ᠶᠢ ᠭᠤᠶᠤᠴᠢᠯᠠᠭᠰᠠᠨ ᠭᠤᠶᠤᠴᠢᠯᠠᠭᠴᠢ ᠳᠤ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ | ᠲᠣᠭᠲᠠᠭᠠᠯᠲᠠ ᠬᠢᠬᠦ ᠶᠢᠨ ᠬᠠᠮᠲᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠤᠨ ᠬᠦᠴᠦᠨ | ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠶᠢ ᠨᠢ ᠵᠥᠪᠰᠢᠶᠡᠷᠡᠬᠦ ᠡᠰᠡᠬᠦ ᠲᠤᠬᠠᠶ ᠲᠣᠭᠲᠠᠭᠠᠯ | ᠭᠠᠷᠭᠠᠬᠤ ᠬᠡᠷᠡᠭᠲᠡᠶ᠃ | ᠬᠢᠷᠢ ᠭᠡᠮ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠥᠪᠰᠢᠶᠡᠷᠡᠬᠦ ᠪᠠᠶᠢᠭᠤᠯᠭ᠎ᠠ ᠠᠴᠠ ᠪᠠᠶᠢᠴᠠᠭᠠᠨ | ᠭᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠢ 5 ᠵᠢᠯ ᠦᠷᠭᠦᠯᠵᠢᠯᠡᠭᠦᠯᠬᠦ ᠶᠢ ᠵᠥᠪᠰᠢᠶᠡᠷᠡᠨ᠎ᠡ᠃ | ᠬᠤᠷᠢᠨ ᠬᠤᠶᠠᠳᠤᠭᠠᠷ ᠵᠦᠶᠯ ᠬᠢᠷᠢ ᠭᠡᠮ ᠢᠶᠠᠨ ᠦᠷᠭᠦᠯᠵᠢᠯᠡᠭᠦᠯᠬᠦ ᠪᠠᠷ ᠬᠢᠨᠠᠨ ᠵᠥᠪᠰᠢᠶᠡᠷᠡᠭᠦᠯᠬᠦ ᠶᠠᠪᠤᠴᠠ | ᠳᠠᠬᠢ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠲᠤᠰᠬᠠᠶ ᠮᠡᠷᠭᠡᠵᠢᠯᠲᠡᠨ ᠤ ᠳᠤᠭᠤᠶᠢᠯᠠᠩ | ᠤᠨ ᠪᠢᠴᠢᠭ ᠢᠶᠠᠷ ᠬᠢᠨᠠᠨ ᠪᠠᠶᠢᠴᠠᠭᠠᠬᠤ ᠪᠠᠷ ᠭᠤᠤᠯ ᠪᠣᠯᠭᠠᠨ᠎ᠠ᠂ ᠭᠡᠪᠡᠴᠦ ᠭᠤᠶᠤᠴᠢᠯᠠᠭᠴᠢ ᠳᠤ ᠲᠤᠰ ᠠᠷᠭ᠎ᠠ ᠶᠢᠨ | ᠳᠥᠴᠢᠨ ᠨᠠᠶᠮᠠᠳᠤᠭᠠᠷ ᠵᠦᠶᠯ ᠤᠨ ᠭᠤᠷᠪᠠᠳᠤᠭᠠᠷ ᠵᠤᠷᠪᠤᠰ᠂ ᠲᠠᠪᠢᠨ ᠬᠤᠶᠠᠳᠤᠭᠠᠷ ᠵᠦᠶᠯ᠂ ᠲᠠᠪᠢᠨ ᠭᠤᠷᠪᠠᠳᠤᠭᠠᠷ | ᠵᠦᠶᠯ ᠤᠨ ᠲᠠᠪᠤᠳᠤᠭᠠᠷ ᠵᠤᠷᠪᠤᠰ ᠪᠠ ᠲᠠᠪᠢᠨ ᠲᠠᠪᠤᠳᠤᠭᠠᠷ ᠵᠦᠶᠯ ᠳᠤ ᠲᠣᠭᠲᠠᠭᠠᠭᠰᠠᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠵᠢᠴᠢ ᠵᠥᠪᠰᠢᠶᠡᠷᠡᠬᠦ ᠪᠠᠶᠢᠭᠤᠯᠭ᠎ᠠ ᠠᠴᠠ ᠬᠢᠨᠠᠨ ᠪᠠᠶᠢᠴᠠᠭᠠᠬᠤ ᠴᠢᠬᠤᠯᠠᠲᠠᠶ ᠭᠡᠵᠦ ᠦᠵᠡᠭᠰᠡᠨ | ᠪᠠᠶᠢᠳᠠᠯ ᠪᠠᠶᠢᠪᠠᠯ᠂ ᠲᠤᠬᠠᠶ ᠵᠢᠨᠲ᠋ᠠᠯᠠᠪᠠᠢ ᠳᠤ ᠨᠢ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠶᠢᠳᠦᠯ᠂ | ᠳᠠᠩᠰᠠᠯᠠᠭᠤᠯᠤᠭᠰᠠᠨ ᠬᠠᠶ᠋ᠢᠭ᠂ ᠪᠠᠶᠢᠴᠠᠭᠠᠨ ᠬᠡᠮᠵᠢᠬᠦ ᠲᠠᠯᠠᠪᠤᠷ ᠤᠨ ᠬᠠᠶ᠋ᠢᠭ᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ | ᠤᠨ ᠬᠠᠷᠢᠭᠤᠴᠠᠯᠭᠠᠲᠠᠨ ᠵᠡᠷᠭᠡ ᠵᠦᠶᠯᠡᠰ ᠲᠤ ᠬᠤᠪᠢᠷᠠᠯᠲᠠ ᠭᠠᠷᠤᠭᠰᠠᠨ ᠪᠠᠶᠢᠪᠠᠯ᠂ ᠪᠠᠶᠢᠴᠠᠭᠠᠨ ᠬᠡᠮᠵᠢᠬᠦ | ᠪᠠᠶᠢᠭᠤᠯᠤᠮᠵᠢ ᠨᠢ ᠬᠤᠪᠢᠷᠠᠭᠤᠯᠵᠤ ᠪᠠᠷᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠤᠤᠯ ᠤᠨ | ᠵᠥᠪᠰᠢᠶᠡᠷᠡᠭᠰᠡᠨ ᠪᠠᠶᠢᠭᠤᠯᠭ᠎ᠠ ᠳᠤ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠲᠡᠶ᠃ | ᠪᠠᠶᠢᠴᠠᠭᠠᠨ ᠬᠡᠮᠵᠢᠬᠦ ᠲᠠᠯᠠᠪᠤᠷ ᠤᠨ ᠬᠠᠶ᠋ᠢᠭ ᠨᠢ ᠬᠤᠪᠢᠷᠬᠠᠰᠠᠨ ᠪᠠᠶᠢᠪᠠᠯ᠂ ᠵᠥᠪᠰᠢᠶᠡᠷᠡᠭᠰᠡᠨ ᠪᠠᠶᠢᠭᠤᠯᠭ᠎ᠠ ᠨᠢ | 2 ᠠᠴᠠ ᠳᠡᠭᠡᠭᠰᠢ ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ ᠲᠤᠬᠠᠶ ᠶᠢᠨ ᠲᠠᠯᠠᠪᠠᠢ ᠳᠤ ᠨᠢ ᠬᠠᠷᠭᠤᠭᠤᠯᠤᠨ | ᠪᠠᠶᠢᠴᠠᠭᠠᠬᠤ ᠶᠢᠨ ᠬᠠᠮᠲᠤ 15 ᠠᠵᠢᠯᠯᠠᠬᠤ ᠡᠳᠦᠷ ᠤᠨ ᠳᠣᠲᠣᠷ᠎ᠠ ᠭᠦᠶᠴᠡᠳᠬᠡᠵᠦ ᠳᠠᠭᠤᠰᠬᠠᠬᠤ ᠬᠡᠷᠡᠭᠲᠡᠶ︔ | ᠪᠤᠰᠤᠳ ᠬᠤᠪᠢᠷᠠᠭᠤᠯᠬᠤ ᠵᠦᠢᠯᠡᠰ ᠢ ᠵᠥᠪᠰᠢᠶᠡᠷᠡᠭᠰᠡᠨ ᠪᠠᠶᠢᠭᠤᠯᠭ᠎ᠠ 5 ᠠᠵᠢᠯᠯᠠᠬᠤ ᠡᠳᠦᠷ ᠤᠨ ᠳᠣᠲᠣᠷ᠎ᠠ | ᠭᠦᠢᠴᠡᠳᠭᠡᠵᠦ ᠳᠠᠭᠤᠰᠬᠠᠬᠤ ᠬᠡᠷᠡᠭᠲᠡᠢ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠨᠡᠶᠢᠯᠡᠭᠦᠯᠬᠦ᠂ ᠰᠠᠯᠭᠠᠨ ᠪᠠᠶᠢᠭᠤᠯᠬᠤ᠂ ᠳᠠᠬᠢᠨ ᠵᠣᠬᠢᠶᠠᠨ | ᠪᠠᠶᠢᠭᠤᠯᠬᠤ᠂ ᠲᠦᠷᠢᠮ ᠢᠶᠠᠨ ᠥᠭᠡᠷᠡᠴᠢᠯᠡᠬᠦ ᠵᠡᠷᠭᠡ ᠪᠠᠶᠢᠳᠠᠯ ᠭᠠᠷᠪᠠᠯ᠂ ᠲᠣᠰ ᠠᠷᠭ᠎ᠠ ᠶᠢᠨ ᠲᠣᠭᠲᠠᠭᠠᠯ ᠶᠣᠰᠣᠭᠠᠷ | ᠬᠢᠷᠢ ᠬᠡᠮ ᠤᠨ ᠭᠤᠶᠤᠴᠢᠯᠠᠯ ᠢᠶᠠᠨ ᠳᠠᠭᠢᠵᠤ ᠲᠤᠰᠢᠶᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠡᠵᠡᠩᠨᠡᠯᠲᠡ ᠪᠠᠨ ᠳᠠᠭᠤᠰᠬᠠᠬᠤ | ᠴᠢᠬᠤᠯᠠᠲᠠᠶ ᠪᠠᠶᠢᠪᠠᠯ᠂ ᠡᠵᠡᠩᠨᠡᠯᠲᠡ ᠪᠠᠨ ᠳᠠᠭᠤᠰᠬᠠᠬᠤ ᠡᠳᠦᠷ ᠠᠴᠠ ᠡᠮᠦᠨ᠎ᠡ 15 ᠡᠳᠦᠷ ᠤᠨ ᠡᠮᠦᠨ᠎ᠡ | ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠶ ᠪᠥᠭᠡᠳ ᠲᠣᠭᠲᠠᠭᠠᠯ ᠶᠣᠰᠣᠭᠠᠷ ᠬᠦᠴᠦᠨ ᠦᠭᠡᠶ ᠪᠣᠯᠭᠠᠬᠤ | ᠭᠠᠷᠳᠠᠮ ᠢᠶᠠᠨ ᠭᠦᠶᠴᠡᠳᠬᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠶᠯ ᠵᠥᠪᠰᠢᠶᠡᠷᠡᠬᠦ ᠪᠠᠶᠢᠭᠤᠯᠭ᠎ᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠮᠵᠢ | ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠣᠯᠤᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠯᠲᠠ | ᠬᠢᠬᠦ ᠳᠤ ᠰᠦᠶᠳᠬᠡᠯ ᠬᠤᠷᠢᠶᠠᠵᠤ ᠪᠣᠯᠬᠤ ᠦᠭᠡᠶ᠃ | ᠬᠤᠷᠢᠨ ᠵᠢᠷᠭᠤᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠨᠢ | ᠭᠡᠭᠡᠭᠳᠡᠭᠰᠡᠨ ᠪᠤᠶᠤ ᠪᠤᠵᠠᠷᠲᠤᠭᠰᠠᠨ ᠪᠠᠶᠢᠪᠠᠯ᠂ ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠭᠠᠷᠭᠠᠵᠤ | ᠨᠥᠬᠦᠪᠥᠷᠢᠯᠡᠨ ᠣᠯᠭᠤᠵᠤ ᠪᠣᠯᠤᠨ᠎ᠠ᠃ | ᠭᠤᠷᠪᠠᠳᠤᠭᠠᠷ ᠪᠦᠯᠦᠭ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠬᠠᠮᠢᠶᠠᠷᠤᠯᠲᠠ | ᠬᠤᠷᠢᠨ ᠳᠣᠯᠣᠳᠤᠭᠠᠷ ᠵᠦᠶᠯ ᠬᠢᠷᠢ ᠬᠡᠮ ᠣᠯᠤᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠬᠡᠷᠡᠭᠴᠡᠭᠡ | ᠪᠠᠨ ᠦᠨᠳᠦᠰᠦᠯᠡᠨ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ | ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ ᠲᠠᠰᠤᠭ ︵ᠳᠣᠷᠣᠭᠰᠢ ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ | ᠲᠠᠰᠤᠭ ᠭᠡᠵᠦ ᠲᠣᠪᠴᠢᠯᠠᠨ᠎ᠠ︶ ᠪᠠᠶᠢᠭᠤᠯᠬᠤ ᠬᠡᠷᠡᠭᠲᠡᠶ᠃ | ᠪᠠᠷᠢᠯᠭ᠎ᠠ ᠶᠢᠨ ᠭᠠᠵᠠᠷ ᠤᠨ ᠲᠤᠷᠰᠢᠯᠲᠠ ᠶᠢᠨ ᠲᠠᠰᠤᠭ ᠪᠣᠯ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ | ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠲᠣᠬᠢᠷᠠᠭᠤᠯᠵᠤ᠂ ᠲᠥᠬᠦᠭᠡᠷᠦᠮᠵᠢ | ᠬᠠᠩᠭᠠᠵᠤ᠂ ᠠᠵᠢᠯᠲᠠᠨ ᠲᠣᠮᠢᠯᠠᠨ ᠰᠠᠭᠤᠯᠭᠠᠵᠤ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠵᠣᠬᠢᠴᠠᠩᠭᠤᠶ | ᠲᠤᠬᠠᠶᠢᠯᠠᠭᠰᠠᠨ ᠠᠵᠢᠯ ᠢ ᠡᠭᠦᠷᠭᠡᠯᠡᠬᠦ ᠲᠦᠷ ᠴᠠᠭ ᠤᠨ ᠠᠵᠢᠯᠯᠠᠬᠤ ᠲᠠᠯᠠᠪᠤᠷ ᠪᠣᠯᠤᠨ᠎ᠠ᠃ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠶᠠᠰᠤ ᠴᠢᠨᠠᠷ ᠢ ᠬᠢᠨᠠᠵᠤ ᠬᠠᠮᠢᠶᠠᠷᠬᠤ | ᠬᠠᠷᠢᠭᠤᠴᠠᠯᠭ᠎ᠠ ᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ | ᠶᠢᠨ ᠭᠠᠵᠠᠷ ᠤᠨ ᠲᠤᠷᠰᠢᠯᠲᠠ ᠶᠢᠨ ᠲᠠᠰᠤᠭ ᠢ ᠬᠢᠨᠠᠵᠤ ᠬᠠᠮᠢᠶᠠᠷᠬᠤ ᠬᠡᠷᠡᠭᠲᠡᠢ᠃ | ᠬᠤᠷᠢᠨ ᠨᠠᠶᠮᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠪᠠᠶᠢᠴᠠᠭᠠᠨ ᠬᠡᠮᠵᠢᠬᠦ ᠠᠵᠢᠯᠳᠠᠨ ᠪᠡᠶ᠎ᠡ | ᠪᠠᠨ ᠳᠠᠭᠠᠭᠠᠵᠤ ᠪᠠᠶᠢᠴᠠᠭᠠᠨ ᠬᠡᠮᠵᠢᠬᠦ ᠠᠵᠢᠯ ᠥᠷᠨᠢᠭᠦᠯᠵᠦ᠂ ᠶᠠᠮᠠᠷᠪᠠ ᠬᠠᠷᠰᠢᠯᠠᠯ ᠪᠠ ᠨᠥᠯᠥᠭᠡ ᠶᠢ ᠬᠦᠷᠳᠡᠬᠦ ᠦᠭᠡᠢ | ᠪᠠᠶᠢᠵᠤ᠂ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢᠨ ᠪᠤᠰᠤᠳᠴᠢ᠂ ᠲᠥᠪ ᠭᠤᠤᠯᠴᠢ᠂ ᠵᠥᠪ ᠣᠨᠣᠪᠴᠢᠲᠠᠶ | ᠪᠠᠶᠢᠬᠤ ᠶᠢ ᠪᠠᠲᠤᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠶᠠᠰᠤ ᠴᠢᠨᠠᠷ ᠢ ᠪᠠᠲᠤᠯᠠᠬᠤ | ᠰᠢᠰᠲ᠋ᠧᠮ ᠤᠨ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠬᠡᠷᠡᠭᠲᠡᠶ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠭᠠᠵᠢ ᠬᠡᠷᠡᠭᠰᠡᠯ | ᠲᠥᠬᠦᠭᠡᠷᠦᠮᠵᠢ ᠪᠠᠨ ᠬᠡᠪ ᠤᠨ ᠶᠣᠰᠣᠭᠠᠷ ᠬᠠᠮᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ | ᠲᠣᠭᠲᠠᠭᠠᠵᠤ ᠬᠢᠨᠠᠨ ᠰᠢᠯᠭᠠᠬᠤ ᠬᠡᠷᠡᠭᠲᠡᠢ᠃ | ᠭᠤᠴᠢᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠦᠯᠢᠭᠡᠷ ᠡᠳ᠋ ᠤᠨ ᠬᠠᠮᠢᠶᠠᠷᠤᠯᠲᠠ ᠶᠢᠨ ᠳᠦᠷᠢᠮ | ᠪᠠᠶᠢᠭᠤᠯᠵᠤ᠂ ᠰᠣᠬᠤᠷ ᠪᠠᠯᠠᠶ ᠪᠠᠷ ᠬᠠᠮᠢᠶᠠᠷᠬᠤ ᠶᠢ ᠰᠠᠨᠠᠭᠠᠴᠢᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠳᠠᠩᠰᠠ ᠡᠪᠬᠡᠮᠡᠯ ᠤᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠠᠩᠬᠠᠨ ᠤ ᠲᠡᠮᠳᠡᠭᠯᠡᠯ ᠪᠠ ᠶᠠᠰᠤ ᠴᠢᠨᠠᠷ ᠢ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠶᠢᠨ ᠠᠭᠤᠯᠭ᠎ᠠ ᠨᠢ ᠡᠷᠬᠡᠪᠰᠢ ᠲᠣᠳᠣᠷᠬᠠᠶ᠂ ᠪᠦᠷᠢᠨ ᠪᠦᠲᠦᠨ᠂ ᠵᠢᠷᠤᠮᠵᠢᠯ ᠲᠠᠢ ᠪᠠᠶᠢᠵᠤ᠂ ᠳᠠᠩᠰᠠ | ᠡᠪᠬᠡᠮᠡᠯ ᠤᠨ ᠪᠦᠷᠢᠨ ᠭᠦᠶᠴᠡᠳ ᠪᠠᠶᠢᠬᠤ ᠪᠠ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ ᠨᠡᠬᠡᠮᠵᠢᠯᠡᠵᠦ ᠪᠣᠯᠬᠤ ᠶᠢ | ᠪᠠᠲᠤᠯᠠᠬᠤ ᠬᠡᠷᠡᠭᠲᠡᠶ᠃ | ᠭᠤᠴᠢᠨ ᠬᠤᠶᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠶᠢ ᠴᠢᠬᠤᠯᠠᠴᠢᠯᠠᠵᠤ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠭᠠᠵᠢ ᠬᠡᠷᠡᠭᠰᠡᠯ | ᠲᠥᠬᠦᠭᠡᠷᠦᠮᠵᠢ ᠪᠠ ᠪᠡᠯᠡᠳᠭᠡᠮᠵᠢ ᠶᠢ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ | ᠢ ᠪᠠᠶᠢᠴᠠᠭᠠᠨ ᠬᠡᠮᠵᠢᠬᠦ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠢ | ᠪᠠᠶᠢᠴᠠᠭᠠᠨ ᠬᠡᠮᠵᠢᠬᠦ ᠮᠡᠳᠡᠭᠡ ᠵᠠᠩᠭᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | | ᠭᠤᠴᠢᠨ ᠭᠤᠷᠪᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠶᠠᠰᠤ | ᠴᠢᠨᠠᠷ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠂ ᠡᠭᠦᠨ ᠳᠤ ᠪᠠᠶᠢᠴᠠᠭᠠᠨ ᠬᠡᠮᠵᠢᠭᠰᠡᠨ ᠲᠥᠷᠥᠯ ᠵᠦᠶᠯ᠂ ᠪᠤᠯᠵᠤᠯᠳᠤ ᠲᠤᠭ᠎ᠠ ᠬᠡᠮᠵᠢᠶ᠎ᠡ ︵ᠪᠦᠯᠦᠭ | ᠤᠳᠠᠭ᠎ᠠ︶᠂ ᠪᠠᠶᠢᠴᠠᠭᠠᠨ ᠬᠡᠮᠵᠢᠭᠰᠡᠨ ᠦᠨᠳᠦᠰᠦᠯᠡᠯ᠂ ᠪᠠᠶᠢᠴᠠᠭᠠᠨ ᠬᠡᠮᠵᠢᠬᠦ ᠲᠠᠯᠠᠪᠤᠷ ᠤᠨ ᠬᠠᠶ᠋ᠢᠭ᠂ ᠪᠠᠶᠢᠴᠠᠭᠠᠨ | ᠬᠡᠮᠵᠢᠭᠰᠡᠨ ᠲᠤᠭ᠎ᠠ ᠪᠠᠷᠢᠮᠲᠠ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ | ᠪᠠᠭᠲᠠᠨ᠎ᠠ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠵᠤ | ᠪᠣᠯᠬᠤ ᠦᠭᠡᠢ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠥᠭᠡᠷᠡᠲᠦᠭᠦᠯᠬᠦ ᠪᠤᠶᠤ ᠬᠠᠭᠤᠷᠮᠠᠭᠯᠠᠨ ᠵᠣᠬᠢᠶᠠᠵᠤ | ᠪᠣᠯᠬᠤ ᠦᠭᠡᠢ ᠃ | ᠭᠤᠴᠢᠨ ᠳᠥᠷᠪᠡᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠠᠳᠠᠯᠢ ᠨᠢᠭᠡᠨ ᠵᠠᠰᠠᠮᠠᠯ ᠵᠠᠮ ᠤᠰᠤᠨ | ᠲᠡᠭᠡᠭᠡᠪᠦᠷᠢ ᠶᠢᠨ ᠪᠠᠷᠢᠯᠭ᠎ᠠ ᠶᠢᠨ ᠲᠥᠷᠥᠯ ᠵᠦᠶᠯ ᠤᠨ ᠳᠠᠭᠠᠭᠠᠴᠢᠯᠠᠯᠲᠠ ᠶᠢᠨ ᠬᠡᠰᠡᠭ ᠲᠤ ᠪᠦᠲᠦᠭᠡᠨ ᠪᠠᠶᠢᠭᠤᠯᠬᠤ᠂ | ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠡᠷᠭᠡ ᠣᠯᠠᠨ ᠲᠠᠯ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠨᠠᠶᠢᠳᠠᠯᠭ᠎ᠠ | ᠶᠢ ᠵᠡᠷᠭᠡ ᠳᠤ ᠨᠢ ᠬᠦᠯᠢᠶᠡᠵᠦ ᠪᠣᠯᠬᠤ ᠦᠭᠡᠶ᠃ | ᠭᠤᠴᠢᠨ ᠲᠠᠪᠤᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠭᠡᠷ᠎ᠡ ᠪᠠᠨ ᠦᠨᠳᠦᠰᠦᠯᠡᠨ ᠵᠠᠰᠠᠮᠠᠯ | ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠢ | ᠡᠭᠦᠷᠭᠡᠯᠡᠬᠦ ᠬᠡᠷᠡᠭᠲᠡᠶ᠂ ᠰᠢᠯᠵᠢᠭᠦᠯᠦᠨ ᠳᠠᠭᠠᠭᠠᠴᠢᠯᠠᠭᠤᠯᠬᠤ ᠪᠠ ᠲᠣᠭᠲᠠᠭᠠᠯ ᠠᠴᠠ ᠵᠥᠷᠢᠴᠡᠨ ᠬᠤᠪᠢᠶᠠᠨ | ᠳᠠᠭᠠᠭᠠᠴᠢᠯᠠᠭᠤᠯᠵᠤ ᠪᠣᠯᠬᠤ ᠦᠭᠡᠶ᠃ | ᠭᠤᠴᠢᠨ ᠵᠢᠷᠭᠤᠳᠤᠭᠠᠷ ᠵᠦᠶᠯ ᠪᠠᠶᠢᠴᠠᠭᠠᠨ ᠬᠡᠮᠵᠢᠬᠦ ᠶᠠᠪᠤᠴᠠ ᠳᠤ ᠪᠠᠶᠢᠴᠠᠭᠠᠨ ᠬᠡᠮᠵᠢᠬᠦ ᠲᠥᠷᠥᠯ ᠵᠦᠶᠯ ᠨᠢ | ᠬᠢᠷᠢ ᠲᠡᠩᠴᠡᠬᠦ ᠦᠭᠡᠶ ᠮᠥᠷᠲᠡᠭᠡᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠠᠶᠣᠯᠬᠦᠢ ᠳᠤ | ᠬᠤᠯᠪᠣᠭᠳᠠᠵᠤ ᠪᠠᠶᠢᠬᠤ ᠶᠢ ᠣᠯᠵᠤ ᠮᠡᠳᠡᠪᠡᠯ᠂ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ | ᠡᠭᠦᠷᠭᠡᠯᠡᠵᠦ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠶ ᠳᠤ ᠨᠢ ᠮᠡᠳᠡᠭᠦᠯᠬᠦ ᠬᠡᠷᠡᠭᠲᠡᠶ᠃ | ᠭᠤᠴᠢᠨ ᠳᠣᠯᠣᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠡᠷᠭᠡᠵᠢᠯ ᠤᠨ ᠬᠠᠷᠢᠭᠤᠴᠠᠯᠭᠠᠲᠠᠨ | ᠪᠣᠯᠤᠨ ᠶᠠᠰᠤ ᠴᠢᠨᠠᠷ ᠤᠨ ᠬᠠᠷᠢᠭᠤᠴᠠᠯᠭᠠᠲᠠᠨ ᠢ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ | ᠶᠢᠨ ᠪᠠᠶᠢᠴᠠᠭᠠᠨ ᠬᠡᠮᠵᠢᠭᠴᠢ ᠡᠭᠦᠷᠭᠡᠯᠡᠬᠦ ᠬᠡᠷᠡᠭᠲᠡᠶ᠃ | ᠶᠠᠰᠤ ᠴᠢᠨᠠᠷ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠵᠠᠰᠠᠮᠠᠯ ᠵᠡᠮ ᠤᠰᠦᠠ ᠲᠡᠭᠡᠭᠡᠪᠦᠷᠢ ᠶᠢᠨ ᠪᠠᠷᠢᠯᠭ᠎ᠠ | ᠶᠢᠨ ᠲᠤᠷᠰᠢᠯᠲᠠ ᠶᠢᠨ ᠬᠡᠮᠵᠢᠭᠴᠢ ᠨᠢ ᠬᠢᠨᠠᠨ ᠬᠠᠷᠭᠤᠭᠤᠯᠤᠭᠠᠳ ᠭᠠᠷ ᠤᠨ ᠤᠢᠰᠦᠭ ᠵᠢᠷᠤᠵᠤ ᠶᠠᠪᠤᠭᠤᠯᠬᠤ ᠬᠡᠷᠡᠭᠲᠡᠢ᠃ | | ᠭᠤᠴᠢᠨ ᠨᠠᠶᠮᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠪᠠᠶᠢᠴᠠᠭᠠᠨ ᠬᠡᠮᠵᠢᠬᠦ ᠠᠵᠢᠯᠲᠠᠨ ᠤ | ᠪᠣᠯᠪᠠᠰᠤᠷᠠᠯ ᠢ ᠴᠢᠩᠭᠠᠳᠬᠠᠵᠤ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ | ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ᠭᠤᠴᠢ ᠶᠢᠰᠦᠳᠦᠭᠡᠷ ᠵᠦᠢᠯ ᠪᠠᠶᠢᠴᠠᠭᠠᠨ ᠬᠡᠮᠵᠢᠬᠦ ᠠᠵᠢᠯᠳᠠᠨ ᠬᠤᠶᠠᠷ ᠪᠤᠶᠤ ᠬᠤᠶᠠᠷ ᠠᠴᠠ ᠳᠡᠭᠡᠭᠰᠢ | ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠪᠠᠶᠢᠴᠠᠭᠠᠨ ᠬᠡᠮᠵᠢᠬᠦ ᠠᠵᠢᠯᠯᠠᠭ᠎ᠠ ᠶᠢ ᠵᠡᠷᠭᠡ ᠪᠠᠷ ᠬᠢᠵᠦ ᠪᠣᠯᠬᠤ ᠦᠭᠡᠢ᠂ | ᠠᠵᠢᠯ ᠤᠨ ᠲᠦᠬᠦᠮ ᠢᠶᠠᠨ ᠠᠰᠢᠭᠯᠠᠨ ᠪᠦᠳᠦᠭᠡᠨ ᠪᠠᠶᠢᠭᠤᠯᠤᠯᠲᠠ ᠶᠢᠨ ᠮᠠᠲ᠋ᠧᠷᠢᠶᠠᠯ᠂ ᠲᠣᠨᠣᠭᠯᠠᠭᠠᠰᠤ ᠪᠠ | ᠲᠥᠬᠦᠭᠡᠷᠦᠮᠵᠢ ᠶᠢ ᠪᠣᠷᠣᠯᠠᠭᠤᠯᠵᠤ ᠪᠣᠯᠬᠤ ᠦᠭᠡᠢ᠃ | ᠳᠥᠴᠢᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠢ ᠰᠢᠯᠵᠢᠭᠦᠯᠦᠨ | ᠥᠭᠬᠦ ᠪᠠ ᠲᠦᠷᠢᠶᠡᠰᠦᠯᠡᠭᠦᠯᠵᠦ ᠪᠣᠯᠬᠤ ᠦᠭᠡᠶ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠳᠥᠴᠢᠨ ᠨᠢᠭᠡᠳᠦᠭᠡᠷ ᠵᠦᠶᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠶᠠᠰᠤ ᠴᠢᠨᠠᠷ ᠢ ᠰᠢᠯᠭᠠᠨ | ᠪᠠᠶᠢᠴᠠᠭᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰ ᠠᠷᠭ᠎ᠠ ᠶᠢ ᠵᠥᠷᠢᠴᠡᠭᠰᠡᠨ | ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠵᠠᠯᠠᠷᠠᠭᠤᠯᠤᠨ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ | ᠳᠥᠴᠢᠨ ᠬᠤᠶᠠᠳᠤᠭᠠᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠳᠤ ᠭᠤᠤᠯᠳᠠᠭᠤ ᠳᠣᠤᠷ᠎ᠠ ᠵᠢᠭᠰᠠᠭᠠᠭᠰᠠᠨ ᠠᠭᠤᠯᠭ᠎ᠠ | ᠨᠤᠭᠤᠳ ᠢ ᠪᠠᠭᠲᠠᠭᠠᠨ᠎ᠠ᠄ | ︵ᠨᠢᠭᠡ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠤᠨ ᠬᠡᠷᠡᠭᠯᠡᠯᠲᠡ ᠶᠢᠨ | ᠵᠢᠷᠤᠮᠵᠢᠯᠳᠤ ᠴᠢᠨᠠᠷ᠂ ᠰᠢᠯᠵᠢᠭᠦᠯᠦᠨ ᠳᠠᠭᠠᠭᠠᠴᠢᠯᠠᠭᠤᠯᠬᠤ᠂ ᠲᠣᠭᠲᠠᠭᠠᠯ ᠠᠴᠠ ᠵᠥᠷᠢᠴᠡᠨ ᠬᠤᠪᠢᠶᠠᠨ | ᠳᠠᠭᠠᠭᠠᠴᠢᠯᠠᠭᠤᠯᠬᠤ᠂ ᠵᠥᠪᠰᠢᠶᠡᠷᠡᠯ ᠤᠨ ᠬᠡᠪᠴᠢᠶᠡᠨ ᠠᠴᠠ ᠬᠡᠲᠦᠷᠡᠭᠦᠯᠦᠨ ᠲᠤᠬᠠᠶᠢᠯᠠᠭᠰᠠᠨ ᠠᠵᠢᠯ ᠳᠠᠭᠠᠭᠠᠴᠢᠯᠠᠬᠤ᠂ | ᠬᠢᠷᠢ ᠬᠡᠮ ᠤᠨ ᠦᠨᠡᠮᠯᠡᠯ ᠢ ᠪᠠᠯᠠᠯᠤᠨ ᠵᠠᠰᠠᠬᠤ ᠪᠠ ᠲᠦᠷᠢᠶᠡᠰᠦᠯᠡᠨ ᠵᠢᠭᠡᠯᠡᠭᠦᠯᠬᠦ ᠵᠡᠷᠭᠡ ᠦᠶᠯᠡ ᠠᠵᠢᠯᠯᠠᠭ᠎ᠠ ᠪᠠᠶᠢᠬᠤ | ᠡᠰᠡᠬᠦ︔ | ︵ᠬᠤᠶᠠᠷ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢᠨ ᠨᠡᠶᠢᠴᠡᠬᠦ ᠴᠢᠨᠠᠷ᠂ ᠪᠠᠷᠢᠯᠭ᠎ᠠ ᠶᠢᠨ | ᠭᠠᠵᠠᠷ ᠤᠨ ᠲᠤᠷᠰᠢᠯᠲᠠ ᠶᠢᠨ ᠲᠠᠰᠤᠭ ᠪᠠᠶᠢᠭᠤᠯᠤᠭᠰᠠᠨ ᠪᠠ ᠪᠠᠷᠢᠯᠭ᠎ᠠ ᠶᠢᠨ ᠭᠠᠵᠠᠷ ᠤᠨ ᠪᠠᠶᠢᠴᠠᠭᠠᠨ ᠬᠡᠮᠵᠢᠭᠰᠡᠨ | ᠪᠠᠶᠢᠳᠠᠯ︔ | ︵ᠭᠤᠷᠪᠠ︶ ᠠᠩᠬᠠᠨ ᠤ ᠲᠡᠮᠳᠡᠭᠯᠡᠯ᠂ ᠶᠠᠰᠤ ᠴᠢᠨᠠᠷ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠦᠨᠡᠨ | ᠪᠣᠳᠠᠲᠤ ᠴᠢᠨᠠᠷ᠂ ᠵᠢᠷᠤᠮᠵᠢᠯ ᠪᠠ ᠪᠦᠷᠢᠨ ᠪᠦᠲᠦᠨ ᠴᠢᠨᠠᠷ︔ | ︵ᠲᠦᠷᠪᠡ︶ ᠬᠡᠷᠡᠭᠯᠡᠭᠰᠡᠨ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠲᠦᠷᠢᠮ ᠨᠢ ᠬᠠᠤᠯᠢ ᠳᠤ ᠨᠡᠶᠢᠴᠡᠬᠦ | ᠪᠥᠭᠡᠳ ᠬᠦᠴᠦᠨ ᠲᠠᠢ ᠡᠰᠡᠬᠦ᠂ ᠦᠯᠢᠭᠡᠷ ᠡᠳ᠋ ᠤᠨ ᠬᠠᠮᠢᠶᠠᠷᠤᠯᠲᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ︔ | ︵ᠲᠠᠪᠤ︶ ᠪᠠᠭᠠᠵᠢ ᠲᠥᠬᠦᠭᠡᠷᠦᠮᠵᠢ ᠶᠢᠨ ᠠᠵᠢᠯᠯᠠᠭᠰᠠᠨ᠂ ᠰᠢᠯᠭᠠᠨ ᠲᠣᠭᠲᠠᠭᠠᠭᠰᠠᠨ ᠪᠠ ᠬᠠᠷᠭᠤᠭᠤᠯᠤᠭᠰᠠᠨ | ᠪᠠᠶᠢᠳᠠᠯ︔ | ︵ᠵᠢᠷᠭᠤᠭ᠎ᠠ︶ ᠶᠠᠰᠤ ᠴᠢᠨᠠᠷ ᠢ ᠪᠠᠲᠤᠯᠠᠬᠤ ᠰᠢᠰᠲ᠋ᠧᠮ ᠤᠨ ᠠᠵᠢᠯᠯᠠᠭᠠᠨ ᠤ ᠪᠦᠲᠦᠮᠵᠢᠲᠦ ᠴᠢᠨᠠᠷ︔ | ︵ᠳᠣᠯᠤᠭ᠎ᠠ︶ ᠪᠠᠶᠢᠴᠠᠭᠠᠨ ᠬᠡᠮᠵᠢᠬᠦ ᠪᠠᠶᠢᠭᠤᠯᠤᠮᠵᠢ ᠪᠣᠯᠤᠨ ᠪᠠᠶᠢᠴᠠᠭᠠᠨ ᠬᠡᠮᠵᠢᠬᠦ ᠠᠵᠢᠯᠲᠠᠨ ᠤ ᠶᠠᠰᠤ | ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠵᠢᠷᠤᠮᠵᠢᠯ ᠤᠨ ᠴᠢᠨᠠᠷ᠂ ᠬᠠᠤᠯᠢ ᠶᠣᠰᠣᠴᠢ ᠴᠢᠨᠠᠷ ᠪᠣᠯᠤᠨ ᠦᠨᠡᠨ | ᠪᠣᠳᠠᠲᠤ ᠴᠢᠨᠠᠷ︔ | ︵ᠨᠠᠢᠮᠠ︶ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ | ᠪᠤᠰᠤᠳ ᠠᠭᠤᠯᠭ᠎ᠠ᠃ | ᠳᠥᠴᠢᠨ ᠭᠤᠷᠪᠠᠳᠤᠭᠠᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠬᠢᠨᠠᠨ ᠪᠠᠶᠢᠴᠠᠭᠠᠯᠲᠠ ᠶᠠᠪᠤᠭᠤᠯᠬᠤ ᠳᠤ ᠪᠠᠨ ᠳᠣᠤᠷᠠᠬᠢ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠨᠢᠭᠡᠴᠢ ᠶᠢ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠨ᠎ᠠ︔ | ︵ᠬᠤᠶᠠᠷ︶ ᠪᠠᠶᠢᠴᠠᠭᠠᠨ ᠦᠵᠡᠬᠦ᠂ ᠲᠡᠮᠳᠡᠭᠯᠡᠬᠦ᠂ ᠳᠠᠭᠤ ᠰᠢᠩᠭᠡᠭᠡᠬᠦ᠂ ᠳᠦᠷᠰᠦ ᠰᠢᠩᠭᠡᠭᠡᠬᠦ᠂ ᠰᠡᠭᠦᠳᠡᠷᠯᠡᠬᠦ | ᠪᠠ ᠪᠠᠶᠢᠴᠠᠭᠠᠬᠤ ᠳᠤ ᠬᠤᠯᠪᠣᠭᠳᠠᠬᠤ ᠵᠦᠢᠯᠡᠰ ᠪᠠ ᠮᠠᠲ᠋ᠧᠷᠢᠶᠠᠯ ᠢ ᠪᠠᠭᠤᠯᠭᠠᠵᠤ ᠠᠪᠤᠨ᠎ᠠ︔ | ︵ᠭᠤᠷᠪᠠ︶ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠬᠡᠮᠵᠢᠬᠦ ᠠᠵᠢᠯ ᠤᠨ ᠲᠠᠯᠠᠪᠤᠷ ᠲᠤ | ᠣᠷᠣᠵᠤ ᠰᠤᠭᠤᠴᠢᠨ ᠪᠠᠶᠢᠴᠠᠭᠠᠨ᠎ᠠ︔ | ︵ᠳᠥᠷᠪᠡ︶ ᠬᠤᠯᠪᠣᠭᠳᠠᠯ ᠪᠦᠬᠦᠢ ᠪᠠᠷᠢᠮᠵᠢᠶ᠎ᠠ᠂ ᠵᠢᠷᠤᠮᠵᠢᠯ᠂ ᠳᠦᠷᠢᠮ ᠪᠣᠯᠤᠨ ᠲᠤᠰ ᠠᠷᠭ᠎ᠠ ᠶᠢᠨ ᠶᠠᠰᠤ | ᠴᠢᠨᠠᠷ ᠢ ᠪᠠᠶᠢᠴᠠᠭᠠᠨ ᠬᠡᠮᠵᠢᠬᠦ ᠦᠢᠯᠡ ᠠᠵᠢᠯᠯᠠᠭ᠎ᠠ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ | ᠵᠠᠷᠯᠢᠭᠳᠠᠵᠤ ᠪᠠᠶᠢᠭᠠᠳ ᠳᠠᠷᠤᠶᠢᠬᠠᠨ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠯᠠᠷᠠᠭᠤᠯᠤᠨ᠎ᠠ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠬᠠᠮᠵᠢᠯᠴᠠᠵᠤ᠂ ᠪᠠᠶᠢᠳᠠᠯ ᠢᠶᠠᠨ ᠦᠨᠡᠨ ᠮᠥᠨ ᠢᠶᠠᠷ ᠨᠢ | ᠲᠣᠳᠣᠷᠬᠠᠶᠢᠯᠠᠬᠤ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠳᠠᠯᠢᠳᠬᠠᠬᠤ ᠲᠤᠷᠰᠢᠯᠲᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠴᠢᠳᠠᠪᠤᠷᠢ ᠶᠢ ᠰᠢᠯᠭᠠᠨ ᠬᠡᠮᠵᠢᠵᠦ᠂ ᠠᠳᠠᠯᠢᠳᠬᠠᠬᠤ ᠲᠤᠷᠰᠢᠯᠲᠠ ᠬᠢᠭᠰᠡᠨ ᠪᠠᠶᠢᠳᠠᠯ ᠢᠶᠠᠨ ᠵᠠᠰᠠᠮᠠᠯ ᠵᠠᠮ ᠤᠰᠤᠨ | ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠳᠤ ᠣᠷᠣᠭᠤᠯᠬᠤ ᠬᠡᠷᠡᠭᠲᠡᠶ᠃ | ᠪᠠᠶᠢᠴᠠᠭᠠᠨ ᠬᠡᠮᠵᠢᠬᠦ ᠪᠠᠶᠢᠭᠤᠯᠤᠮᠵᠢ ᠡᠮᠦᠨᠡᠬᠢ ᠲᠣᠭᠲᠠᠭᠠᠯ ᠶᠣᠰᠣᠭᠠᠷ ᠠᠳᠠᠯᠢᠳᠬᠠᠬᠤ ᠲᠤᠷᠰᠢᠯᠲᠠ ᠳᠤ | ᠣᠷᠣᠯᠴᠠᠬᠤ ᠪᠥᠭᠡᠳ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠶᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠶᠠᠰᠤ | ᠴᠢᠨᠠᠷ ᠢ ᠪᠠᠶᠢᠴᠠᠭᠠᠨ ᠬᠡᠮᠵᠢᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠯᠭ᠎ᠠ ᠪᠤᠶᠤ | ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠶ ᠳᠤ ᠨᠢ ᠬᠢᠨᠠᠨ ᠮᠠᠭᠠᠳᠯᠠᠵᠤ | ᠰᠢᠶᠳᠪᠦᠷᠢᠯᠡᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠶᠠᠰᠤ ᠴᠢᠨᠠᠷ ᠢ ᠪᠠᠶᠢᠴᠠᠭᠠᠨ ᠬᠡᠮᠵᠢᠬᠦ ᠢᠲᠡᠭᠡᠮᠵᠢ ᠶᠢᠨ ᠬᠠᠮᠢᠶᠠᠷᠤᠯᠲᠠ ᠶᠢ ᠨᠢᠭᠡᠳᠦᠯᠲᠡᠶ ᠤᠳᠤᠷᠢᠳᠴᠤ᠂ | ᠱᠠᠲᠤ ᠬᠤᠪᠢᠶᠠᠨ ᠬᠠᠷᠢᠭᠤᠴᠠᠭᠤᠯᠤᠨ᠎ᠠ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠪᠠᠶᠢᠴᠠᠭᠠᠨ ᠬᠡᠮᠵᠢᠬᠦ | ᠪᠠᠶᠢᠭᠤᠯᠤᠮᠵᠢ ᠪᠣᠯᠤᠨ ᠪᠠᠶᠢᠴᠠᠭᠠᠨ ᠬᠡᠮᠵᠢᠬᠦ ᠠᠵᠢᠯᠲᠠᠨ ᠤ ᠠᠵᠢᠯ ᠡᠷᠬᠢᠯᠡᠬᠦ ᠦᠢᠯᠡ ᠠᠵᠢᠯᠯᠠᠭ᠎ᠠ ᠳᠤ ᠢᠲᠡᠭᠡᠮᠵᠢ ᠶᠢᠨ | ᠬᠠᠮᠢᠶᠠᠷᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠨᠡᠶᠢᠭᠡᠮ ᠳᠤ ᠢᠯᠡ ᠪᠣᠯᠭᠠᠬᠤ | ᠬᠡᠷᠡᠭᠲᠡᠶ᠃ | ᠳᠥᠴᠢᠨ ᠳᠣᠯᠣᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠬᠢᠷᠢ ᠬᠡᠮ ᠣᠯᠤᠭᠰᠠᠨ ᠤ ᠳᠠᠷᠠᠭ᠎ᠠ᠂ | ᠬᠠᠷᠠᠭᠠᠯᠵᠠᠭᠰᠠᠨ ᠬᠢᠷᠢ ᠬᠡᠮ ᠤᠨ ᠨᠥᠬᠦᠴᠡᠯ ᠳᠤ ᠨᠡᠶᠢᠴᠡᠬᠦ ᠪᠠᠨ ᠪᠤᠯᠢᠭᠰᠠᠨ ᠪᠠᠶᠢᠪᠠᠯ᠂ ᠵᠥᠪᠰᠢᠶᠡᠷᠡᠬᠦ ᠪᠠᠶᠢᠭᠤᠯᠭ᠎ᠠ | ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠡᠶᠢᠭᠡᠮ | ᠳᠤ ᠢᠯᠡ ᠪᠣᠯᠭᠠᠬᠤ ᠬᠡᠷᠡᠭᠲᠡᠶ᠃ ᠪᠠᠶᠢᠴᠠᠭᠠᠨ ᠬᠡᠮᠵᠢᠬᠦ ᠪᠠᠶᠢᠭᠤᠯᠤᠮᠵᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ | ᠤ ᠳᠠᠷᠠᠭ᠎ᠠ᠂ ᠵᠥᠪᠰᠢᠶᠡᠷᠡᠬᠦ ᠪᠠᠶᠢᠭᠤᠯᠭ᠎ᠠ ᠳᠤ ᠬᠢᠷᠢ ᠬᠡᠮ ᠢᠶᠠᠨ ᠳᠠᠬᠢᠨ ᠬᠢᠨᠠᠨ ᠲᠣᠭᠲᠠᠭᠠᠯᠭᠠᠬᠤ ᠭᠤᠶᠤᠴᠢᠯᠠᠯ | ᠭᠠᠷᠭᠠᠬᠤ ᠬᠡᠷᠡᠭᠲᠡᠶ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠨᠠᠶᠮᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠨ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠨᠢ ᠬᠦᠴᠦᠨ ᠦᠭᠡᠶ ᠪᠥᠭᠡᠳ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ︔ ᠬᠤᠣᠷ ᠬᠥᠨᠥᠭᠡᠯ ᠤᠨ ᠦᠷ᠎ᠡ ᠤᠷᠰᠢᠭ ᠲᠠᠲᠠᠭᠰᠠᠨ ᠪᠠᠶᠢᠪᠠᠯ᠂ 3 ᠲᠦᠮᠡᠨ ᠲᠥᠭᠦᠷᠢᠭ ᠠᠴᠠ | ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠬᠠᠷᠠᠭᠠᠯᠵᠠᠭᠰᠠᠨ ᠬᠢᠷᠢ ᠬᠡᠮ ᠣᠯᠤᠭᠰᠠᠨ ᠤᠢᠭᠡᠢ ᠪᠠᠷ ᠶᠠᠰᠤ ᠴᠢᠨᠠᠷ ᠢ ᠪᠠᠶᠢᠴᠠᠭᠠᠨ ᠬᠡᠮᠵᠢᠬᠦ | ᠠᠵᠢᠯᠯᠠᠭ᠎ᠠ ᠬᠢᠭᠰᠡᠨ︔ | ︵ᠬᠤᠶᠠᠷ︶ ᠬᠢᠷᠢ ᠭᠡᠮ ᠤᠨ ᠦᠨᠡᠮᠯᠡᠯ ᠨᠢ ᠬᠦᠴᠦᠨ ᠲᠠᠢ ᠬᠤᠭᠤᠴᠠᠭ᠎ᠠ ᠠᠴᠠ ᠪᠠᠨ ᠥᠩᠭᠡᠷᠡᠭᠰᠡᠨ | ᠪᠠᠶᠢᠲᠠᠯ᠎ᠠ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯᠯᠠᠭ᠎ᠠ ᠬᠢᠭᠰᠡᠨ︔ | ︵ᠭᠤᠷᠪᠠ︶ ᠬᠢᠷᠢ ᠭᠡᠮ ᠤᠨ ᠵᠥᠪᠰᠢᠶᠡᠷᠡᠯ ᠤᠨ ᠬᠡᠪᠴᠢᠶᠡᠨ ᠠᠴᠠ ᠪᠠᠨ ᠳᠠᠪᠠᠵᠤ ᠶᠠᠰᠤ ᠴᠢᠨᠠᠷ ᠢ | ᠪᠠᠶᠢᠴᠠᠭᠠᠨ ᠬᠡᠮᠵᠢᠬᠦ ᠠᠵᠢᠯᠯᠠᠭ᠎ᠠ ᠬᠢᠭᠰᠡᠨ᠃ | ᠳᠥᠴᠢ ᠶᠢᠰᠦᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠬᠤᠯᠪᠣᠭᠳᠠᠯ ᠪᠦᠬᠦᠢ ᠪᠠᠶᠢᠳᠠᠯ ᠢᠶᠠᠨ | ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠬᠢᠷᠢ ᠬᠡᠮ ᠭᠤᠶᠤᠴᠢᠯᠠᠭᠰᠠᠨ ᠪᠠᠶᠢᠪᠠᠯ᠂ | ᠵᠥᠪᠰᠢᠶᠡᠷᠡᠬᠦ ᠪᠠᠶᠢᠭᠤᠯᠭ᠎ᠠ ᠬᠦᠯᠢᠶᠡᠨ ᠠᠪᠴᠤ ᠰᠢᠶᠳᠪᠦᠷᠢᠯᠡᠬᠦ ᠦᠭᠡᠶ ᠪᠤᠶᠤ ᠵᠠᠰᠠᠭ ᠵᠠᠬᠢᠷᠭᠠᠨ ᠤ ᠵᠥᠪᠰᠢᠶᠡᠷᠡᠯ | ᠥᠭᠬᠦ ᠦᠭᠡᠶ ᠪᠥᠭᠡᠳ ᠰᠡᠷᠡᠮᠵᠢ ᠥᠭᠭᠦᠨ᠎ᠡ︔ ᠪᠠᠶᠢᠴᠠᠭᠠᠨ ᠬᠡᠮᠵᠢᠬᠦ ᠪᠠᠶᠢᠭᠤᠯᠤᠮᠵᠢ 1 ᠵᠢᠯ ᠤᠨ ᠳᠣᠲᠣᠷ᠎ᠠ ᠲᠣᠰ | ᠬᠢᠷᠢ ᠬᠡᠮ ᠢ ᠳᠠᠬᠢᠨᠲᠠ ᠭᠤᠶᠤᠴᠢᠯᠠᠵᠤ ᠪᠣᠯᠬᠤ ᠥᠬᠡᠶ᠃ | ᠲᠠᠪᠢᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠶ ᠪᠤᠰᠤ | ᠠᠷᠭ᠎ᠠ ᠪᠠᠷᠢᠯ ᠢᠶᠠᠷ ᠬᠢᠷᠢ ᠭᠡᠮ ᠤᠨ ᠦᠨᠡᠮᠯᠡᠯ ᠣᠯᠤᠭᠰᠠᠨ ᠪᠠᠶᠢᠪᠠᠯ᠂ ᠵᠥᠪᠰᠢᠶᠡᠷᠡᠬᠦ ᠪᠠᠶᠢᠭᠤᠯᠭ᠎ᠠ ᠠᠴᠠ ᠬᠦᠴᠦᠨ | ᠦᠭᠡᠢ ᠪᠣᠯᠭᠠᠨ᠎ᠠ︔ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ 3 ᠵᠢᠯ ᠤᠨ ᠳᠣᠲᠣᠷ᠎ᠠ ᠲᠤᠰ ᠬᠢᠷᠢ ᠬᠡᠮ ᠢ ᠳᠠᠬᠢᠨᠲᠠ | ᠭᠤᠶᠤᠴᠢᠯᠠᠵᠤ ᠪᠣᠯᠬᠤ ᠦᠭᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠨᠢᠭᠡᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠲᠤᠰ ᠠᠷᠭ᠎ᠠ ᠶᠢᠨ ᠬᠤᠷᠢᠨ ᠭᠤᠷᠪᠠᠳᠤᠭᠠᠷ | ᠵᠦᠶᠯ ᠤᠨ ᠲᠣᠭᠲᠠᠭᠠᠯ ᠶᠣᠰᠣᠭᠠᠷ ᠬᠤᠪᠢᠷᠠᠭᠤᠯᠬᠤ ᠪᠠᠷ ᠭᠤᠶᠤᠴᠢᠯᠠᠭᠰᠠᠨ ᠦᠭᠡᠶ ᠪᠣᠯ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠭᠦᠶᠴᠡᠳᠬᠡᠯᠭᠡᠨᠡ︔ ᠬᠤᠭᠤᠴᠠᠭ᠎ᠠ ᠥᠩᠭᠡᠷᠡᠲᠡᠯ᠎ᠡ ᠭᠦᠢᠴᠡᠳᠭᠡᠭᠰᠡᠨ ᠦᠭᠡᠶ ᠪᠣᠯ ᠰᠡᠷᠡᠮᠵᠢ ᠥᠭᠬᠦ | ᠪᠤᠶᠤ ᠨᠡᠶᠢᠲᠡᠯᠡᠨ ᠰᠢᠭᠦᠮᠵᠢᠯᠡᠬᠦ ᠬᠡᠷᠡᠭᠲᠡᠶ᠃ | ᠲᠠᠪᠢᠨ ᠬᠤᠶᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠨ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ | 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠬᠤᠣᠷ ᠬᠥᠨᠥᠭᠡᠯ ᠤᠨ ᠦᠷ᠎ᠡ ᠤᠷᠰᠢᠭ | ᠲᠠᠲᠠᠭᠰᠠᠨ ᠪᠠᠶᠢᠪᠠᠯ᠂ 3 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠤᠭᠰᠢ ᠵᠣᠭᠤᠰ | ᠢᠶᠠᠷ ᠲᠣᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ︵ᠨᠢᠭᠡ︶ ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠵᠤ᠂ ᠪᠠᠶᠢᠴᠠᠭᠠᠨ ᠬᠡᠮᠵᠢᠭᠰᠡᠨ | ᠮᠡᠳᠡᠭᠦᠯᠦᠯᠲᠡ ᠶᠢ ᠥᠭᠡᠷᠡᠲᠦᠭᠦᠯᠵᠦ᠂ ᠬᠠᠭᠤᠷᠮᠠᠭᠯᠠᠨ ᠵᠣᠬᠢᠶᠠᠭᠰᠠᠨ︔ | ︵ᠬᠤᠶᠠᠷ︶ ᠪᠠᠶᠢᠴᠠᠭᠠᠨ ᠬᠡᠮᠵᠢᠬᠦ ᠲᠤᠬᠠᠶᠢᠯᠠᠭᠰᠠᠨ ᠠᠵᠢᠯ ᠢᠶᠠᠨ ᠰᠢᠯᠵᠢᠭᠦᠯᠦᠨ ᠳᠠᠭᠠᠭᠠᠴᠢᠯᠠᠭᠤᠯᠤᠭᠰᠠᠨ᠂ | ᠲᠣᠭᠲᠠᠭᠠᠯ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ᠃ | ᠲᠠᠪᠢᠨ ᠭᠤᠷᠪᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠵᠦ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 5000 ᠲᠥᠭᠦᠷᠢᠭ ᠠᠴᠠ ᠳᠡᠭᠡᠭᠰᠢ | 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠭᠡᠨ᠎ᠡ᠄ | ︵ᠨᠢᠭᠡ︶ ᠶᠠᠰᠤ ᠴᠢᠨᠠᠷ ᠢ ᠪᠠᠲᠤᠯᠠᠬᠤ ᠰᠢᠰᠲ᠋ᠧᠮ ᠨᠢ ᠪᠦᠲᠦᠮᠵᠢᠲᠡᠢ ᠠᠵᠢᠯᠯᠠᠭᠰᠠᠨ ᠦᠭᠡᠢ᠂ ᠡᠰᠡᠬᠦᠯ᠎ᠡ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠭᠠᠵᠢ ᠲᠥᠬᠦᠭᠡᠷᠦᠮᠵᠢ ᠶᠢ ᠬᠡᠪ ᠤᠨ ᠶᠣᠰᠣᠭᠠᠷ ᠬᠠᠮᠠᠭᠠᠯᠠᠭᠰᠠᠨ | ᠦᠭᠡᠢ︔ | ︵ᠬᠤᠶᠠᠷ︶ ᠲᠣᠭᠲᠠᠭᠠᠯ ᠶᠣᠰᠣᠭᠠᠷ ᠳᠠᠩᠰᠠ ᠡᠪᠬᠡᠮᠡᠯ ᠤᠨ ᠬᠠᠮᠢᠶᠠᠷᠤᠯᠲᠠ ᠬᠢᠭᠰᠡᠨ ᠦᠭᠡᠢ ᠠᠴᠠ ᠪᠣᠯᠵᠤ | ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ ᠨᠡᠬᠡᠮᠵᠢᠯᠡᠬᠦ ᠶᠢᠨ ᠠᠷᠭ᠎ᠠ ᠦᠭᠡᠢ ᠪᠣᠯᠭᠠᠭᠰᠠᠨ︔ | ︵ᠭᠤᠷᠪᠠ︶ ᠠᠳᠠᠯᠢ ᠨᠢᠭᠡᠨ ᠪᠠᠷᠢᠯᠭ᠎ᠠ ᠶᠢᠨ ᠵᠦᠢᠯᠡᠰ ᠤᠨ ᠳᠠᠭᠠᠭᠠᠴᠢᠯᠠᠯᠲᠠ ᠶᠢᠨ ᠬᠡᠰᠡᠭ ᠲᠤ ᠪᠦᠳᠦᠭᠡᠠ | ᠪᠠᠶᠢᠭᠤᠯᠬᠤ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠡᠷᠭᠡ ᠤᠯᠡᠠ ᠲᠠᠯ᠎ᠠ ᠶᠢᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠨᠠᠶᠢᠳᠠᠯᠭ᠎ᠠ ᠶᠢ ᠵᠡᠷᠭᠡ ᠳᠤ ᠨᠢ ᠬᠦᠯᠢᠶᠡᠭᠰᠡᠨ︔ | ︵ᠳᠥᠷᠪᠡ︶ ᠪᠠᠶᠢᠴᠠᠭᠠᠨ ᠬᠡᠮᠵᠢᠬᠦ ᠶᠠᠪᠤᠴᠠ ᠳᠤ ᠪᠠᠶᠢᠴᠠᠭᠠᠨ ᠬᠡᠮᠵᠢᠬᠦ ᠲᠥᠷᠥᠯ ᠵᠦᠢᠯ ᠨᠢ ᠬᠢᠷᠢ ᠲᠡᠩᠴᠡᠬᠦ | ᠦᠭᠡᠶ ᠮᠥᠷᠲᠡᠭᠡᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠠᠶᠦᠯᠭᠦᠢ ᠳᠤ ᠬᠤᠯᠪᠣᠭᠳᠠᠭᠰᠠᠨ ᠢ | ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠶ︔ | ︵ᠲᠠᠪᠤ︶ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠳᠡᠭᠡᠨ ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠮᠥᠨ | ᠢᠶᠠᠷ ᠨᠢ ᠬᠠᠩᠭᠠᠭᠰᠠᠨ ᠦᠭᠡᠢ ᠪᠤᠶᠤ ᠬᠢᠨᠠᠯᠲᠠ ᠪᠠᠶᠢᠴᠠᠭᠠᠯᠲᠠ ᠶᠢ ᠲᠡᠪᠴᠢᠭᠰᠡᠨ᠂ ᠬᠠᠷᠰᠢᠯᠠᠭᠰᠠᠨ᠃ | ᠲᠠᠪᠢᠨ ᠳᠥᠷᠪᠡᠳᠦᠭᠡᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠪᠤᠶᠤ ᠪᠠᠶᠢᠴᠠᠭᠠᠨ ᠬᠡᠮᠵᠢᠬᠦ ᠠᠵᠢᠯᠲᠠᠨ | ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ | ᠬᠢᠭᠰᠡᠨ ᠪᠠᠶᠢᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠰᠡᠷᠡᠮᠵᠢ ᠥᠭᠬᠦ ᠪᠤᠶᠤ ᠨᠡᠶᠢᠲᠡᠯᠡᠨ ᠰᠢᠭᠦᠮᠵᠢᠯᠡᠨ᠎ᠡ᠄ | ︵ᠨᠢᠭᠡ︶ ᠲᠣᠭᠲᠠᠭᠠᠯ ᠶᠣᠰᠣᠭᠠᠷ ᠤᠢᠯᠢᠭᠡᠷ ᠡᠳ᠋ ᠤᠨ ᠬᠠᠮᠢᠶᠠᠷᠤᠯᠲᠠ ᠬᠢᠭᠰᠡᠨ ᠤᠢᠭᠡᠢ︔ | ︵ᠬᠤᠶᠠᠷ︶ ᠵᠡᠷᠭᠡ ᠪᠠᠷ ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ | ᠪᠠᠶᠢᠴᠠᠭᠠᠨ ᠬᠡᠮᠵᠢᠬᠦ ᠠᠵᠢᠯᠯᠠᠭ᠎ᠠ ᠬᠢᠭᠰᠡᠨ︔ | ︵ᠭᠤᠷᠪᠠ︶ ᠠᠵᠢᠯ ᠤᠨ ᠲᠥᠬᠦᠮ ᠢ ᠠᠰᠢᠭᠯᠠᠨ ᠪᠥᠲᠥᠭᠡᠨ ᠪᠠᠶᠢᠭᠤᠯᠤᠯᠲᠠ ᠶᠢᠨ ᠮᠠᠲ᠋ᠧᠷᠢᠶᠠᠯ᠂ | ᠲᠣᠨᠣᠭᠯᠠᠭᠠᠰᠤ ᠪᠠ ᠲᠥᠬᠦᠭᠡᠷᠦᠮᠵᠢ ᠶᠢ ᠪᠣᠷᠣᠯᠠᠭᠤᠯᠤᠭᠰᠠᠨ︔ | ︵ᠲᠦᠷᠪᠡ︶ ᠠᠳᠠᠯᠢᠳᠬᠠᠬᠤ ᠲᠤᠷᠰᠢᠯᠲᠠ ᠳᠤ ᠱᠠᠭᠠᠷᠳᠠᠯᠭ᠎ᠠ ᠶᠣᠰᠣᠭᠠᠷ ᠣᠷᠣᠯᠴᠠᠭᠰᠠᠨ ᠦᠭᠡᠢ᠃ | ᠲᠠᠪᠢᠨ ᠲᠠᠪᠤᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠨ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠢᠶᠠᠨ ᠪᠤᠰᠤᠳ ᠲᠤ | ᠰᠢᠯᠵᠢᠭᠦᠯᠦᠭᠰᠡᠨ᠂ ᠲᠦᠷᠢᠶᠡᠰᠦᠯᠡᠭᠦᠯᠦᠭᠰᠡᠨ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ | ᠬᠤᠯᠪᠣᠭᠳᠠᠯ ᠪᠦᠬᠦᠢ ᠦᠨᠡᠮᠯᠡᠯ ᠢ ᠨᠢ ᠬᠤᠷᠢᠶᠠᠮᠵᠢᠯᠠᠨ ᠠᠪᠴᠤ᠂ 5000 ᠲᠥᠭᠦᠷᠢᠭ ᠠᠴᠠ ᠳᠣᠷᠣᠭᠰᠢ ᠵᠣᠭᠤᠰ | ᠢᠶᠠᠷ ᠲᠣᠷᠭᠠᠨ᠎ᠠ᠃ | ᠲᠠᠪᠢᠨ ᠵᠢᠷᠭᠤᠳᠤᠭᠠᠷ ᠵᠦᠶᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠤᠨ ᠠᠵᠢᠯᠲᠠᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠵᠢᠯ ᠤᠨ ᠳᠤᠮᠳᠠ᠂ ᠳᠣᠤᠷᠠᠬᠢ ᠪᠠᠶᠢᠳᠠᠯ | ᠤᠨ ᠨᠢᠭᠡ ᠨᠢ ᠪᠠᠶᠢᠪᠠᠯ᠂ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠬᠢᠷᠢ ᠭᠡᠮ | ᠤᠨ ᠦᠨᠡᠮᠯᠡᠯ ᠣᠯᠭᠤᠭᠰᠠᠨ︔ | ︵ᠬᠤᠶᠠᠷ︶ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠬᠢᠷᠢ ᠭᠡᠮ ᠤᠨ | ᠦᠨᠡᠮᠯᠡᠯ ᠣᠯᠭᠤᠭᠰᠠᠨ ᠦᠭᠡᠶ︔ | ︵ᠭᠤᠷᠪᠠ︶ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠬᠠᠤᠯᠢ ᠪᠠᠷ | ᠲᠣᠭᠲᠠᠭᠠᠭᠰᠠᠨ ᠬᠤᠭᠤᠴᠠᠭᠠᠨ ᠳᠣᠲᠣᠷ᠎ᠠ ᠬᠢᠷᠢ ᠭᠡᠮ ᠤᠨ ᠦᠨᠡᠮᠯᠡᠯ ᠣᠯᠭᠤᠭᠰᠠᠨ ᠦᠭᠡᠶ︔ | ︵ᠲᠦᠷᠪᠡ︶ ᠡᠭᠦᠷᠭᠡ ᠲᠤᠰᠢᠶᠠᠯ ᠤᠨ ᠲᠦᠬᠦᠮ ᠢᠶᠠᠨ ᠠᠰᠢᠭᠯᠠᠨ ᠪᠤᠰᠤᠳ ᠤᠨ ᠵᠣᠭᠤᠰ ᠮᠥᠩᠭᠦ ᠡᠳ᠋ | ᠪᠣᠳᠠᠰ ᠢ ᠨᠡᠬᠡᠵᠦ ᠠᠪᠤᠭᠰᠠᠨ᠂ ᠬᠦᠯᠢᠶᠡᠠ ᠠᠪᠤᠭᠰᠠᠨ ᠪᠤᠶᠤ ᠪᠤᠰᠤᠳ ᠠᠰᠢᠭ ᠲᠤᠰᠠ ᠣᠯᠤᠭᠰᠠᠨ︔ | ︵ᠲᠠᠪᠤ︶ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ | ᠪᠤᠶᠤ ᠴᠢᠩᠭ᠎ᠠ ᠬᠢᠨᠠᠯᠲᠠ ᠲᠠᠯᠪᠢᠭᠰᠠᠨ ᠦᠭᠡᠢ ᠠᠴᠠ ᠪᠤᠯᠵᠤ ᠬᠦᠨᠳᠦ ᠨᠣᠴᠢᠲᠠᠢ ᠤᠷᠰᠢᠭ ᠲᠠᠲᠠᠭᠰᠠᠨ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠳᠣᠯᠣᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠳᠡᠰ ᠤᠨ | ᠨᠥᠬᠦᠴᠡᠯ᠂ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠢᠨᠠᠨ ᠲᠣᠭᠲᠠᠭᠠᠬᠤ ᠠᠵᠢᠯ ᠤᠨ ᠵᠢᠷᠤᠮ ᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠠᠴᠠ ᠠᠰ ᠲᠤ ᠨᠢ ᠲᠣᠭᠲᠠᠭᠠᠨ᠎ᠠ᠃ | ᠲᠠᠪᠢᠨ ᠨᠠᠶᠮᠠᠳᠤᠭᠠᠷ ᠵᠦᠶᠯ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠤᠨ ᠦᠨᠡᠮᠯᠡᠯ ᠢ | ᠵᠥᠪᠰᠢᠶᠡᠷᠡᠬᠦ ᠪᠠᠶᠢᠭᠤᠯᠭ᠎ᠠ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠭᠰᠠᠨ ᠨᠢᠭᠡᠳᠦᠯᠲᠡᠶ | ᠵᠠᠭᠪᠤᠷ ᠶᠣᠰᠣᠭᠠᠷ ᠵᠣᠬᠢᠶᠠᠨ᠎ᠠ᠃ | ᠲᠠᠪᠢ ᠶᠢᠰᠦᠳᠦᠭᠡᠷ ᠵᠦᠶᠯ ᠲᠤᠰ ᠠᠷᠭ᠎ᠠ ᠶᠢ 2023 ᠣᠨ ᠤ 10 ᠳ᠋ᠤᠭᠠᠷ ᠰᠠᠷ᠎ᠠ ᠶᠢᠨ 1 ᠤ ᠡᠳᠦᠷ | ᠠᠴᠠ ᠡᠬᠢᠯᠡᠨ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠶᠠᠮᠤᠨ ᠤ 2005 ᠣᠨ ᠤ 10 ᠳ᠋ᠤᠭᠠᠷ ᠰᠠᠷ᠎ᠠ ᠶᠢᠨ | 19 ᠤ ᠡᠳᠦᠷ ᠨᠡᠶᠢᠲᠡᠯᠡᠭᠰᠡᠨ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ | ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2005 ᠣᠨ ᠤ | 12 ᠳ᠋ᠤᠭᠠᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2016 ᠣᠨ ᠤ 12 ᠳ᠋ᠤᠭᠠᠷ ᠰᠠᠷ᠎ᠠ | ᠶᠢᠨ 10 ᠤ ᠡᠳᠦᠷ ᠨᠡᠶᠢᠲᠡᠯᠡᠭᠰᠡᠨ ︽︿ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ | ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2016 ᠣᠨ | ᠤ 80 ᠳ᠋ᠤᠭᠠᠷ ᠲᠣᠭᠠᠲᠤ ︶᠂ 2019 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ ᠨᠡᠶᠢᠲᠡᠯᠡᠭᠰᠡᠨ | ︽︿ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠬᠠᠮᠢᠶᠠᠷᠤᠯᠲᠠ | ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾ | ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 38 ᠳ᠋ᠤᠭᠠᠷ ᠲᠣᠭᠠᠲᠤ︶ ᠢ ᠬᠠᠮᠲᠤ ᠳᠤ | ᠨᠢ ᠬᠦᠴᠦᠨ ᠦᠭᠡᠢ ᠪᠣᠯᠭᠠᠨ᠎ᠠ᠃ | ᠪᠢᠴᠢᠭ ᠮᠠᠲ᠋ᠧᠷᠢᠶᠠᠯ ᠢ ᠪᠠᠭᠤᠯᠭᠠᠬᠤ᠄ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ | ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ︶ . docx | ᠬᠠᠮᠢᠶ᠎ᠠ ᠪᠥᠬᠦᠶ ᠲᠠᠶᠢᠯᠤᠮᠵᠢ᠄ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ | ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ |