ᠬᠥᠬᠡᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠵᠢᠩᠬᠢᠨᠢ ᠪᠠᠷ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2023/9/7
      9 ᠳ᠋ᠦ᠋ᠭᠡᠷ ᠰᠠᠷ᠎ᠠ ᠶᠢᠨ 5 ᠤ ᠡᠳᠦᠷ ᠬᠥᠬᠡᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠵᠢᠩᠬᠢᠨᠢ ᠪᠠᠷ ᠡᠬᠢᠯᠡᠨ ᠬᠡᠷᠡᠭᠯᠡᠪᠡ
微信图片_20230907153719.jpg
微信图片_20230907153808.jpg
微信图片_20230907153819.jpg
      ᠣᠶᠢᠯᠠᠭᠠᠭᠰᠠᠨ ᠢᠶᠠᠷ᠂ ᠬᠥᠬᠡᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠥᠯᠥᠪᠵᠢᠭᠦᠯᠦᠭᠰᠡᠨ ᠪᠥᠬᠦ ᠤᠯᠤᠰ ᠤᠨ 45 ᠭᠤᠤᠯ ᠬᠦᠶᠰᠦ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠨᠢᠭᠡ ᠪᠣᠯᠤᠨ᠎ᠠ᠃ ᠲᠥᠷᠥᠯ ᠵᠦᠶᠯ ᠤᠨ ᠡᠵᠡᠯᠡᠬᠦ ᠲᠠᠯᠠᠪᠠᠶ ᠨᠢ 60654 ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 46471 ᠲᠡᠭᠰᠢ ᠳᠥᠷᠪᠡᠯᠵᠢᠨ ᠮᠧᠲᠷ ᠪᠠᠶᠢᠵᠤ᠂ ᠵᠢᠯ ᠳᠤ ᠡᠳᠦᠷ ᠪᠦᠷᠢ 2 ᠲᠦᠮᠡᠨ ᠬᠥᠮᠦᠨ ᠤᠳᠠᠭ᠎ᠠ ᠶᠢᠨ ᠣᠷᠣᠭᠤᠯᠵᠤ ᠭᠠᠷᠭᠠᠬᠤ ᠴᠢᠳᠠᠪᠤᠷᠢ ᠪᠠᠷ ᠵᠢᠷᠤᠵᠤ ᠲᠥᠯᠥᠪᠯᠡᠵᠡᠢ᠃ 2021 ᠣᠨ ᠤ 9 ᠳ᠋ᠦ᠋ᠭᠡᠷ ᠰᠠᠷ᠎ᠠ ᠳᠤ ᠡᠬᠢᠯᠡᠭᠦᠯᠦᠨ ᠠᠵᠢᠯᠯᠠᠭᠰᠠᠨ ᠪᠣᠯᠪᠠᠴᠤ᠂ ᠬᠤᠵᠢᠮ ᠨᠢ ᠬᠢᠵᠢᠭ ᠤᠨ ᠪᠠᠶᠢᠳᠠᠯ ᠵᠡᠷᠭᠡ ᠣᠯᠠᠨ ᠲᠠᠯ᠎ᠠ ᠶᠢᠨ ᠬᠦᠴᠦᠨ ᠵᠦᠶᠯ ᠤᠨ ᠨᠥᠯᠥᠭᠡ ᠠᠴᠠ ᠪᠣᠯᠵᠣ ᠣᠲᠣ ᠪᠣᠯᠲᠠᠯ᠎ᠠ ᠠᠵᠢᠯᠯᠠᠬᠤ ᠪᠠᠨ ᠵᠣᠭᠰᠣᠭᠠᠪᠠ᠃ ᠲᠣᠰ ᠤᠳᠠᠭ᠎ᠠ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠤᠲᠠ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ + ᠲᠣᠭᠲᠠᠭᠠᠭᠰᠠᠨ ᠠᠶᠠᠨᠴᠢᠳ ᠤᠨ ᠲᠡᠭᠡᠭᠡᠪᠦᠷᠢ︾ ᠶᠢᠨ ᠠᠷᠭ᠎ᠠ ᠮᠠᠶ᠋ᠢᠭ ᠢ ᠶᠡᠬᠡᠪᠡᠷ ᠬᠥᠭᠵᠢᠭᠦᠯᠵᠦ᠂ ᠬᠤᠲᠠ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠶᠠᠨᠴᠢᠳ ᠤᠨ ᠲᠡᠭᠡᠭᠡᠪᠦᠷᠢ  ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠥᠯᠭᠢᠨ ᠠᠬᠢᠭᠤᠯᠤᠨ᠎ᠠ᠃       ᠬᠤᠲᠠ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠣᠷᠣᠨ ᠵᠠᠶ ᠶᠢᠨ ᠲᠠᠷᠬᠠᠯᠲᠠ ᠶᠢ ᠤᠯᠠᠮ ᠨᠢᠭᠡ ᠠᠯᠬᠤᠮ ᠲᠥᠯᠥᠪᠵᠢᠭᠦᠯᠬᠦ ᠶᠢᠨ ᠲᠥᠯᠥᠭᠡ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ   ᠶᠣᠰᠣᠭᠠᠷ᠂ ᠡᠨᠡ ᠵᠢᠯ ᠤᠨ 9 ᠳ᠋ᠦ᠋ᠭᠡᠷ ᠰᠠᠷ᠎ᠠ ᠳᠤ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠵᠡᠭᠦᠨ ᠬᠦᠶᠰᠦ ᠥᠷᠲᠡᠭᠡ ᠶᠢ ᠰᠡᠷᠭᠦᠭᠡᠨ ᠠᠰᠢᠭᠯᠠᠯᠲᠠ ᠳᠤ ᠣᠷᠣᠭᠤᠯᠵᠤ᠂ ᠤᠷᠢᠳᠠᠪᠠᠷ ᠬᠥᠬᠡᠬᠤᠲᠠ ᠲᠡᠭᠡᠭᠡᠪᠦᠷᠢ ᠶᠢᠨ ᠺᠣᠮᠫᠠᠨᠢ ᠶᠢ ᠤᠷᠢᠨ ᠤᠷᠤᠭᠤᠯᠵᠤ ᠡᠵᠡᠩᠨᠡᠭᠦᠯᠦᠨ᠂ ᠱᠠᠲᠤ ᠬᠤᠪᠢᠶᠠᠨ ᠬᠥᠬᠡᠬᠤᠲᠠ ᠲᠡᠭᠡᠭᠡᠪᠦᠷᠢ ᠶᠢᠨ ᠥᠷᠲᠡᠭᠡ᠂ ᠲᠤᠩ ᠳ᠋ᠠ ᠡᠮᠦᠨ᠎ᠡ ᠥᠷᠲᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠪᠥᠬᠦ ᠡᠭᠡᠯᠵᠢ ᠶᠢᠨ ᠱᠤᠭᠤᠮ ᠵᠢᠴᠢ ᠫᠢᠩ ᠠᠨ ᠯᠢ ᠳ᠋ᠡ ᠪᠠᠷᠠᠭᠤᠨ ᠥᠷᠲᠡᠭᠡ ᠶᠢᠨ ᠬᠡᠰᠡᠭ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ ᠥᠯᠥ ᠬᠡᠷᠡᠭᠵᠢᠭᠦᠯᠬᠦ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠵᠠᠯᠭᠠᠭ᠎ᠠ ᠪᠠᠷ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠵᠡᠭᠦᠨ ᠬᠦᠶᠰᠦ ᠥᠷᠲᠡᠭᠡ ᠠᠴᠠ ᠮᠣᠷᠳᠠᠬᠤ ᠪᠣᠯᠭᠠᠨ ᠲᠣᠬᠢᠷᠠᠭᠤᠯᠵᠤ᠂ ᠬᠤᠲᠠ ᠲᠣᠭᠤᠷᠢᠭ ᠤᠨ 3 ᠰᠠᠭᠤᠷᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠠᠴᠠ ᠮᠠᠰᠢᠨ ᠲᠡᠷᠭᠡᠨ  ᠤ ᠠᠶᠠᠨᠴᠢᠳ ᠤᠨ ᠲᠡᠭᠡᠭᠡᠪᠦᠷᠢ ᠶᠢᠨ ᠵᠡᠭᠦᠨ ᠬᠦᠶᠰᠦ ᠥᠷᠲᠡᠭᠡ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠡᠪᠲᠡᠷᠡᠭᠦᠯᠵᠦ᠂ ᠬᠤᠲᠠ ᠲᠣᠭᠤᠷᠢᠭ ᠠᠴᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠵᠡᠭᠦᠨ ᠥᠷᠲᠡᠭᠡᠨ ᠳᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠢᠭᠲᠠᠷᠠᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ ᠲᠣᠣᠷ ᠤᠨ ᠲᠥᠯᠥᠪᠵᠢᠭᠦᠯᠭᠡ ᠶᠢᠨ ᠠᠵᠢᠯ ᠢ ᠪᠡᠶᠡᠯᠡᠭᠦᠯᠦᠨ᠎ᠡ᠃ ᠡᠭᠦᠨ ᠤ ᠬᠠᠮᠲᠤ᠂ ᠣᠶᠢᠷ᠎ᠠ ᠬᠤᠪᠢ ᠶᠢᠨ ᠬᠤᠰᠢᠭᠤ ᠰᠢᠶᠠᠨ ᠤ ᠵᠠᠶ᠂ ᠵᠠᠮ ᠤᠨ ᠪᠠᠶᠢᠳᠠᠯ᠂ ᠡᠭᠡᠯᠵᠢ ᠶᠢᠨ ᠲᠡᠷᠭᠡ ᠶᠢᠨ ᠡᠵᠡᠩᠨᠡᠯᠲᠡ ᠶᠢᠨ ᠪᠠᠶᠢᠳᠠᠯ ᠢ ᠦᠨᠳᠦᠰᠦᠯᠡᠨ᠂ ᠬᠠᠷᠢᠶ᠎ᠠ ᠭᠠᠵᠠᠷ ᠤᠨ ᠬᠦᠰᠡᠯ ᠰᠠᠨᠠᠭ᠎ᠠ ᠪᠣᠯᠤᠨ ᠡᠳ᠋ ᠤᠨ ᠬᠦᠴᠦᠨ ᠤ ᠪᠠᠲᠤᠯᠠᠭ᠎ᠠ ᠵᠡᠷᠭᠡ  ᠲᠠᠢ ᠤᠶᠠᠯᠳᠤᠭᠤᠯᠵᠤ᠂ ᠬᠤᠲᠠ ᠲᠣᠭᠤᠷᠢᠭ ᠠᠴᠠ ᠡᠷᠭᠢᠨ ᠲᠣᠭᠤᠷᠢᠨ ᠤ ᠬᠤᠰᠢᠭᠤ ᠰᠢᠶᠠᠨ ᠬᠦᠷᠲᠡᠯᠡᠬᠢ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠪᠣᠯᠤᠨ ᠲᠣᠭᠲᠠᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号