ᠪᠥᠬᠦ ᠣᠷᠣᠨ ᠤ 11.8 ᠲᠦᠮᠡᠨ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠴᠠᠭᠠᠰᠤᠨ ᠭᠡᠷᠡᠴᠢ ᠦᠨᠡᠮᠯᠡᠯ ᠢ ᠨᠢ ᠬᠡᠯᠲᠦᠷᠢᠭᠦᠯᠵᠦ ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/8
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠤᠬᠠᠨ ᠪᠣᠯᠲᠠᠯ᠎ᠠ᠂ ᠪᠥᠬᠦ ᠣᠷᠣᠨ ᠤ 11.8 ᠲᠦᠮᠡᠨ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠴᠠᠭᠠᠰᠤᠨ ᠭᠡᠷᠡᠴᠢ ᠦᠨᠡᠮᠯᠡᠯ ᠢ ᠨᠢ ᠬᠡᠯᠲᠦᠷᠢᠭᠦᠯᠵᠦ ᠭᠦᠢᠴᠡᠳᠭᠡᠬᠦ︾ ᠶᠢ ᠪᠡᠶᠡᠯᠡᠭᠦᠯᠪᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 485 ᠵᠦᠢᠯ ᠪᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠭᠡᠮ ᠤᠨ  ᠬᠡᠷᠡᠭ ᠶᠠᠪᠤᠳᠠᠯ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ ᠪᠠᠶᠢᠨ᠎ᠠ᠃      ᠡᠨᠡ ᠵᠢᠯ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ ᠵᠢᠴᠢ ᠬᠠᠮᠲᠤ ᠪᠠᠷ ᠭᠥᠷᠳᠡᠵᠦ ᠬᠡᠷᠡᠭᠯᠡᠬᠦ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 16 ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠴᠡ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠪᠠ ᠡᠯᠧᠺᠲᠷᠣᠨ ᠭᠡᠷᠡᠴᠢ ᠦᠨᠡᠮᠯᠡᠯ ᠤᠨ ᠬᠥᠮᠥᠷᠭᠡ  ᠯᠦᠭᠡ ᠵᠣᠯᠭᠠᠭᠤᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠰᠦᠯᠵᠢᠶ᠎ᠡ ᠪᠠᠷ ᠬᠢᠨᠠᠨ ᠰᠢᠯᠭᠠᠬᠤ ᠪᠠᠷ ᠳᠡᠮᠵᠢᠨ ᠡᠯᠧᠺᠲᠷᠣᠨ ᠭᠡᠷᠡᠴᠢ ᠦᠨᠡᠮᠯᠡᠯ ᠢ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠤᠭᠤᠷᠣᠨᠳᠤ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠨᠠᠩ ᠰᠢᠯᠢᠳᠡᠭᠵᠢᠭᠦᠯᠪᠡ᠃      ᠣᠳᠣᠬᠠᠨ ᠳᠤ᠂ ᠪᠥᠬᠦ ᠣᠷᠣᠨ ᠳᠤ ᠨᠢᠭᠡᠨᠲᠡ ᠲᠣᠭᠲᠠᠮᠠᠯ ᠬᠥᠷᠥᠩᠭᠡ ᠶᠢᠨ ᠡᠷᠬᠡ ᠶᠢᠨ ᠦᠨᠡᠮᠯᠡᠯ᠂ ᠣᠷᠤᠭ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ 640 ᠭᠠᠷᠤᠢ ᠲᠥᠷᠥᠯ᠂ 6950 ᠲᠦᠮᠡᠨ ᠵᠤᠷᠪᠤᠰ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠨᠡᠶᠢᠲᠡ ᠬᠠᠮᠲᠤ ᠪᠠᠷ ᠬᠦᠷᠲᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ ᠨᠢ 10 ᠳ᠋ᠦᠩᠰᠢᠭᠤᠷ ᠤᠳᠠᠭ᠎ᠠ ᠶᠢ ᠳᠠᠪᠠᠵᠤ᠂ ᠠᠵᠤ ᠠᠬᠤᠶᠢᠯᠠᠯ ᠪᠠ ᠣᠯᠠᠨ ᠲᠦᠮᠡᠨ ︽ᠮᠦᠩᠬᠡ ᠰᠤᠪᠠᠭ︾ ᠤᠨ ᠰᠢᠯᠵᠢᠮᠡᠯ ᠦᠵᠦᠭᠦᠷ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠥᠪᠡᠷ ᠤᠨ ᠡᠯᠧᠺᠲᠷᠣᠨ ᠭᠡᠷᠡᠴᠢ ᠦᠨᠡᠮᠯᠡᠯ ᠢᠶᠠᠨ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠴᠤ ᠪᠣᠯᠣᠨ᠎ᠠ᠃ ᠪᠥᠬᠦ ᠣᠷᠣᠨ ᠳᠤ ︽ᠴᠠᠭᠠᠰᠤᠨ ᠭᠡᠷᠡᠴᠢ ᠦᠨᠡᠮᠯᠡᠯ ᠢ ᠨᠢ ᠬᠡᠯᠲᠦᠷᠢᠭᠦᠯᠵᠦ ᠭᠦᠢᠴᠡᠳᠭᠡᠬᠦ︾ ᠦᠢᠯᠡᠴᠢᠯᠡᠭᠡ ᠪᠠᠷ ᠳᠡᠮᠵᠢᠨ ᠨᠢᠭᠡᠨᠲᠡ 4.7 ᠲᠦᠮᠡᠨ ᠬᠤᠪᠢ ᠦᠢᠯᠡᠴᠢᠯᠡᠭᠡ ᠶᠢ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ  ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠥᠪᠡᠷ ᠤᠨ ᠥᠷᠲᠡᠭ ᠢ  ᠦᠨᠡᠨ ᠬᠦ ᠪᠠᠭᠤᠷᠠᠭᠤᠯᠵᠤ᠂ ᠲᠥᠬᠦᠮ ᠨᠥᠬᠦᠴᠡᠯ ᠢ ᠨᠡᠮᠡᠭᠳᠡᠭᠦᠯᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号