ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/1/15
    ᠨᠢᠭᠡᠳᠦᠭᠡᠷ ᠵᠦᠢᠯ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠶᠠᠪᠤᠭᠤᠯᠤᠭᠰᠠᠨ              ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ ᠤᠨ ᠳᠡᠰ ᠪᠣᠯᠤᠨ᠎ᠠ᠃     ᠭᠤᠷᠪᠠᠳᠤᠭᠠᠷ ᠵᠦᠶᠯ  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠎ ᠳᠤ ᠨᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠥᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃      ︵ᠬᠤᠶᠠᠷ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃  ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠲᠥᠷᠥᠯ ᠵᠦᠢᠯ᠂ ᠪᠡᠯᠡ ᠮᠥᠩᠭᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠴᠤᠭᠯᠠᠭᠤᠯᠬᠤ ᠵᠡᠷᠭᠡ ᠲᠠᠢ ᠬᠤᠯᠪᠣᠭᠳᠠᠬᠤ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠴᠤ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠢᠵᠠᠭᠠᠷᠯᠠᠯ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠣᠯᠤᠨ ᠰᠦᠶᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠶᠯᠡᠰ ᠢ ᠬᠠᠮᠢᠶᠠᠷᠴᠤ᠂ ᠵᠠᠰᠠᠮᠠᠯ ᠵᠠᠮ ᠤᠨ ᠠᠷᠠᠴᠢᠯᠠᠯᠲᠠ᠂ ᠵᠠᠮ ᠤᠨ ᠶᠠᠪᠤᠳᠠᠯ᠂ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ ᠃     ︵ᠳᠥᠷᠪᠡ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠤᠭ᠎ᠠ ᠶᠢ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠴᠢᠳᠠᠮᠵᠢ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠲᠠᠪᠤ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠎ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠮᠤᠵᠢ ᠠᠯᠤᠰᠯᠠᠭᠰᠠᠨ ᠠᠶᠢᠮᠠᠭ ᠬᠤᠲᠠ ᠠᠯᠤᠰᠯᠠᠭᠰᠠᠨ ᠵᠠᠮ ᠤᠨ ᠠᠶᠠᠨᠴᠢᠳ ᠤᠨ ᠲᠡᠭᠡᠭᠡᠪᠦᠷᠢ᠂ ᠣᠯᠠᠨ ᠤᠯᠤᠰ ᠤᠨ ᠵᠠᠮ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠦᠷᠳᠡᠭᠡ ᠶᠢᠨ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡ ᠶᠢᠨ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠠᠶᠠᠯᠠᠯ ᠤᠨ ᠵᠠᠮ᠂ ᠭᠠᠷᠠᠮ᠂ ᠣᠩᠭᠤᠴᠠ ᠶᠢᠨ ᠵᠣᠭᠰᠣᠭᠠᠯ ᠤᠨ ᠠᠷᠠᠴᠢᠯᠠᠯᠲᠠ ᠶᠢ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃     ︵ᠵᠢᠷᠭᠤᠭ᠎ᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠣᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠵᠠᠮ ᠤᠨ ᠲᠣᠣᠷ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠡᠳ᠋ ᠪᠠᠷᠠᠭ᠎ᠠ᠂ ᠠᠶᠠᠨᠴᠢᠳ ᠪᠠ ᠪᠠᠷᠠᠭ᠎ᠠ ᠶᠢᠨ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃     ︵ᠳᠣᠯᠤᠭ᠎ᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ ᠎ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠲᠣᠭᠲᠠᠭᠠᠭᠰᠠᠨ ᠬᠠᠷᠢᠶᠠᠯᠠᠯ ᠤᠨ ᠬᠡᠷᠡᠭ ᠢ ᠳᠠᠭᠠᠭᠠᠨ ᠭᠦᠢᠴᠡᠳᠬᠡᠨ᠎ᠡ᠃     ︵ᠨᠠᠶᠮᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃     ︵ᠶᠢᠰᠦ︶ ᠪᠥᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠎ ᠶᠢᠨ ᠠᠵᠢᠯ ᠢ ᠵᠢᠯᠣᠭᠤᠳᠤᠨ᠎ᠠ᠃     ︵ᠠᠷᠪᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃     ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃     1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠬᠠᠷᠢᠭᠤᠴᠠᠯᠭ᠎ᠠ ᠎ ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠢᠨᠠᠨ ᠵᠥᠪᠰᠢᠶᠡᠷᠡᠬᠦ ᠶᠢ ᠬᠠᠷᠢᠭᠤᠴᠠᠨ᠂ ᠪᠠᠷᠢᠯᠭ᠎ᠠ ᠶᠢᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠭᠰᠠᠨ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠤᠭᠲᠠᠭᠠᠨ  ᠬᠢᠨᠠᠨ ᠵᠦᠪᠰᠢᠶᠡᠷᠡᠨ᠎ᠡ᠃     2. ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠡᠷᠬᠡ ᠪᠣᠯᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠪᠡᠯᠡᠳᠬᠡᠮᠵᠢ ᠶᠢᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃     3. ᠤᠰᠤᠨ ᠳᠡᠭᠡᠷᠡᠬᠢ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠵᠢᠭᠠᠰᠤᠨ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠤᠷᠤᠯᠳᠤᠭᠠᠨ ᠳᠤ ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠪᠤᠰᠤᠳ ᠣᠩᠭᠤᠴᠠ ᠰᠠᠯ ᠵᠢᠴᠢ ᠵᠥᠪᠰᠢᠶᠡᠷᠡᠭᠦᠯᠦᠭᠰᠡᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠭᠠᠰᠤᠨ ᠣᠩᠭᠤᠴᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠰᠠᠯᠠᠭ᠎ᠠ ᠮᠥᠴᠢᠷ ᠠᠴᠠ ᠣᠩᠭᠤᠴᠠ ᠰᠠᠯ ᠦᠢᠯᠡᠳᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠤᠮᠤ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠬᠤᠰᠢᠭᠤ ᠰᠢᠶᠠᠨ  ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠎ ᠢᠶᠠᠷ ᠯᠠᠪᠯᠠᠯᠲᠠ ᠪᠣᠯᠭᠠᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠲᠠ ᠶᠢᠨ ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠡᠯ᠎ᠡ ᠠᠶᠢᠮᠠᠭ ᠎ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃     4. ᠭᠤᠣᠯ ᠤᠨ ᠵᠠᠮ ᠤᠨ ᠬᠠᠶᠢᠷ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠥᠪᠡᠷᠲᠡᠭᠡᠨ ᠵᠠᠰᠠᠭ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠭᠤᠣᠯ ᠤᠨ ᠵᠠᠮ ᠤᠨ ᠡᠯᠡᠰᠦ ᠮᠠᠯᠲᠠᠬᠤ ᠎ ᠨᠢ ᠠᠶᠠᠯᠠᠯ ᠨᠡᠪᠲᠡᠷᠡᠬᠦ ᠶᠢ ᠨᠥᠯᠥᠭᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠭᠤᠣᠯ ᠤᠨ ᠵᠠᠮ ᠤᠨ ᠡᠯᠡᠰᠦ ᠮᠠᠯᠲᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠭᠤᠣᠯ ᠤᠨ ᠵᠠᠮ ᠳᠤ ᠡᠯᠡᠰᠦ ᠮᠠᠯᠲᠠᠬᠤ ᠲᠥᠯᠥᠪᠵᠢᠭᠦᠯᠭᠡ ᠪᠣᠯᠤᠨ ᠲᠥᠯᠥᠪᠯᠡᠭᠡ ᠎ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃     ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠣᠲᠤᠮ ᠤᠨ ᠠᠵᠢᠯᠯᠠᠭᠠᠨ ᠢ ᠬᠠᠷᠢᠭᠤᠴᠠᠵᠤ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠱᠠᠭᠠᠷᠳᠠᠨ ᠰᠢᠢᠳᠪᠦᠷᠢᠯᠡᠭᠦᠯᠬᠦ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠎ ᠶᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠵᠣᠬᠢᠴᠠᠭᠤᠯᠤᠨ᠎ᠠ᠃    ︵ᠬᠤᠶᠠᠷ︶ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠃ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠭᠠᠨ ᠵᠢᠯᠣᠭᠤᠳᠤᠨ᠎ᠠ᠃    ︵ᠭᠤᠷᠪᠠ︶ ᠠᠵᠢᠯᠲᠠᠨ ᠤ ᠰᠤᠷᠭᠠᠨ ᠬᠦᠮᠦᠵᠢᠯ ᠤᠨ ᠭᠠᠵᠠᠷ᠃ ᠪᠠᠶᠢᠭᠤᠯᠭ᠎ᠠ ᠶᠢᠨ ᠪᠠᠶᠢᠭᠤᠯᠤᠮᠵᠢ ᠣᠷᠤᠨ ᠲᠤᠭ᠎ᠠ᠂ ᠠᠵᠢᠯᠲᠠᠨ ᠢ ᠲᠣᠮᠢᠯᠠᠵᠤ ᠪᠠᠭᠤᠯᠭᠠᠬᠤ᠂ ᠺᠠᠳ᠋ᠷ ᠲᠤ ᠬᠢᠨᠠᠯᠲᠠ ᠲᠠᠯᠪᠢᠬᠤ᠂ ᠪᠣᠯᠪᠠᠰᠤᠷᠠᠯ ᠬᠦᠮᠦᠵᠢᠯ᠂ ᠴᠡᠯᠢᠩ ᠨᠡᠶᠢᠭᠡᠮ ᠤᠨ ᠪᠠᠲᠤᠯᠠᠭ᠎ᠠ᠂ ᠵᠢᠯ ᠤᠨ ᠰᠢᠯᠭᠠᠨ ᠬᠢᠨᠠᠬᠤ᠂ ᠭᠠᠳᠠᠭᠠᠲᠤ ᠳᠤ ᠭᠠᠷᠬᠤ ︵ᠬᠢᠯᠢ︶᠎ ᠶᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠠᠵᠢᠯ ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃    ︵ᠳᠦᠷᠪᠡ︶ ᠬᠠᠤᠯᠢ ᠲᠣᠭᠲᠠᠭᠠᠯ ᠤᠨ ᠭᠠᠵᠠᠷ ︵ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ︶᠃ ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠭᠠᠨ ᠵᠢᠯᠣᠭᠤᠳᠤᠨ᠂ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ ᠬᠠᠷᠢᠶᠠᠯᠠᠯ ᠢ ᠨᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠬ᠎ᠠ ᠳᠡᠯᠭᠡᠭᠦᠷ ᠤᠨ ᠭᠤᠤᠯᠴᠢ ᠴᠢᠨᠠᠷ ᠤᠨ ᠥᠷᠢᠰᠥᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠳᠤ ᠣᠷᠣᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃     ︵ᠲᠠᠪᠤ︶ ᠲᠦᠯᠦᠪᠵᠢᠭᠦᠯᠭᠡ ᠶᠢᠨ ᠭᠠᠵᠠᠷ᠃ ᠦᠪᠡᠷᠲᠡᠭᠡᠨ ᠵᠠᠰᠠᠬᠤ ᠣᠷᠤᠨ ᠤ ᠵᠠᠰᠠᠮᠠᠯ ᠵᠠᠮ᠂ ᠤᠰᠤᠨ ᠵᠠᠮ ᠤᠨ ᠬᠠᠮᠢᠶ᠎ᠠ ᠪᠦᠬᠦᠢ ᠲᠦᠯᠦᠪᠵᠢᠭᠦᠯᠭᠡ ᠶᠢ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ ᠲᠣᠭᠤᠷᠪᠢᠵᠤ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠣᠭᠤᠷᠪᠢᠬᠤ ᠳᠤ ᠣᠷᠤᠯᠴᠠᠨ᠎ᠠ᠃ ᠬᠠᠮᠢᠶ᠎ᠠ ᠪᠦᠬᠦᠢ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠵᠠᠰᠠᠭ ᠤᠨ ᠣᠷᠳᠤᠨ ᠪᠣᠯᠤᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠲᠦᠷᠦᠯ ᠵᠤᠶᠢᠯ ᠤᠨ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠪᠠᠷᠢᠯᠭ᠎ᠠ ᠶᠢᠨ ᠪᠣᠯᠤᠮᠵᠢᠲᠤ ᠰᠣᠳᠤᠯᠤᠯ ᠤᠨ ᠠᠵᠢᠯ ᠢ ᠡᠭᠦᠷᠭᠡᠯᠡᠨ᠎ᠡ᠃ ᠵᠠᠰᠠᠮᠠᠯ ᠵᠠᠮ᠂ ᠤᠰᠤᠨ ᠵᠠᠮ ᠤᠨ ᠠᠵᠢᠯ ᠲᠦᠷᠦᠯ ᠤᠨ ᠣᠷᠴᠢᠨ ᠠᠬᠤᠢ ᠶᠢ ᠬᠠᠮᠠᠭᠠᠯᠠᠬᠤ᠂ ᠡᠨᠧᠷᠭᠢ ᠶᠢ ᠠᠷᠪᠢᠯᠠᠬᠤ᠂ ᠪᠤᠭᠢᠷᠳᠤᠯ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭ᠎ᠠ ᠶᠢᠨ ᠳᠠᠶᠢᠨ ᠤ ᠪᠡᠯᠡᠳᠭᠡᠯ ᠵᠡᠷᠭᠡ ᠠᠵᠢᠯ ᠢ ᠵᠣᠬᠢᠴᠠᠭᠤᠯᠵᠤ᠂ ᠲᠤᠭ᠎ᠠ ᠪᠦᠷᠢᠳᠭᠡᠯ ᠤᠨ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃     ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠃ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠤᠶᠢᠯ ᠤᠨ ᠵᠢᠷᠤᠭ ᠲᠦᠯᠦᠪᠯᠡᠭᠡ ᠶᠢ ᠬᠢᠨᠠᠨ ᠵᠦᠪᠰᠢᠶᠡᠷᠡᠬᠦ᠂ ᠪᠠᠷᠢᠯᠭ᠎ᠠ ᠪᠠᠷᠢᠬᠤ ᠶᠢ ᠵᠦᠪᠰᠢᠶᠡᠷᠡᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠬᠤ ᠳᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠦᠨ᠎ᠡ᠂ ᠳᠠᠭᠠᠭᠠᠴᠢᠯᠠᠯᠲᠠ ᠵᠠᠷᠯᠠᠬᠤ ᠲᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠎ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠡᠷᠬᠢᠯᠡᠨ᠎ᠡ᠃     ︵ᠳᠣᠯᠤᠭ᠎ᠠ︶ ᠵᠠᠰᠠᠮᠠᠯ ᠵᠠᠮ ᠤᠨ ᠭᠠᠵᠠᠷ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠦᠳᠠᠯ᠂ ᠰᠦᠢᠳᠭᠡᠯ ᠬᠤᠷᠢᠶᠠᠠᠬᠤ᠂ ᠡᠵᠡᠩᠨᠡᠬᠦ ᠦᠢᠯᠡᠴᠢᠯᠡᠭᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠬᠠᠮᠢᠶᠠᠷᠬᠤ᠂ ᠵᠠᠮ ᠳᠤ ᠬᠤᠯᠪᠤᠭᠳᠠᠭᠰᠠᠨ ᠪᠠᠷᠢᠯᠭ᠎ᠠ ᠪᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯᠡᠰ ᠢ ᠬᠠᠮᠢᠶᠠᠷᠤᠨ᠎ᠠ᠃ ᠵᠠᠰᠠᠮᠠᠯ ᠵᠠᠮ ᠢ ᠨᠢᠭᠡᠲᠦᠯᠲᠡᠢ ᠲᠦᠯᠦᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠨ᠎ᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠨᠡᠪᠲᠡᠷᠡᠭᠦᠯᠦᠨ ᠰᠦᠢᠳᠭᠡᠯ  ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠦᠳᠡᠭᠡ ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠡᠭᠦᠷᠭᠡᠯᠡᠨ᠎ᠡ᠃     ︵ᠨᠠᠢᠮᠠ︶ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ︵ᠣᠷᠤᠨ ᠨᠤᠲᠤᠭ ᠤᠨ ᠳᠠᠯᠠᠢ ᠶᠢᠨ ᠶᠠᠪᠤᠳᠠᠯ ᠤᠨ ᠭᠠᠵᠠᠷ︶ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠮᠣᠵᠢ ᠪᠠ ᠠᠶᠢᠮᠠᠭ ᠬᠤᠲᠠ ᠠᠯᠤᠰᠯᠠᠭᠰᠠᠨ ᠵᠠᠮ ᠤᠨ ᠠᠶᠠᠨᠴᠢᠳ ᠤᠨ ᠲᠡᠭᠡᠭᠡᠪᠦᠷᠢ᠂ ᠣᠯᠠᠨ ᠤᠯᠤᠰ ᠎ ᠤᠨ ᠵᠠᠮ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠦᠭᠦᠴᠡᠯ ᠤᠨ ᠨᠦᠯᠦᠭᠡᠯᠡᠯ ᠢ ᠦᠨᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ ᠲᠡᠭᠡᠭᠡᠪᠦᠷᠢ᠂ ᠠᠶᠠᠨᠴᠢᠳ ᠤᠨ ᠪᠠᠷᠠᠭᠠᠨ ᠤ ᠲᠡᠭᠡᠭᠡᠪᠦᠷᠢ ᠶᠢᠨ ᠲᠠᠯᠠᠪᠠᠢ ᠦᠷᠲᠡᠭᠡᠨ‌‍ᠦ ᠡᠵᠡᠩᠨᠡᠯᠲᠡ᠂ ᠮᠠᠰᠢᠨ ᠲᠡᠷᠭᠡ ᠰᠠᠯᠪᠢᠨ ᠵᠠᠰᠠᠬᠤ᠂ ᠲᠡᠭᠡᠭᠡᠪᠦᠷᠢᠯᠡᠨ ᠡᠵᠡᠩᠨᠡᠬᠦ ᠲᠡᠷᠭᠡ ᠶᠢᠨ ᠶᠡᠷᠦᠩᠬᠡᠢ ᠰᠢᠨᠵᠢ ᠴᠢᠳᠠᠮᠵᠢ ᠶᠢ ᠰᠢᠯᠭᠠᠨ ᠰᠢᠨᠵᠢᠯᠡᠬᠦ᠂ ᠮᠠᠰᠢᠨ ᠲᠡᠷᠭᠡᠨ ᠤ ᠵᠢᠯᠤᠭᠤᠴᠢ ᠶᠢᠨ ᠪᠣᠯᠪᠠᠰᠤᠷᠠᠯ᠂ ᠠᠵᠢᠯ ᠡᠷᠬᠢᠯᠡᠭᠰᠡᠳ ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ ᠰᠦᠯᠵᠢᠶ᠎ᠡ ᠪᠠᠷ ᠪᠣᠯᠵᠤᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ᠃ ᠭᠤᠤᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠶᠠᠯᠠᠯ ᠤᠨ ᠵᠠᠮ᠂ ᠭᠠᠷᠠᠮ᠂ ᠭᠠᠷᠠᠮ ᠤᠨ ᠠᠷᠠᠴᠢᠯᠠᠨ ᠬᠠᠮᠠᠭᠠᠯᠠᠬᠤ ᠶᠢ ᠵᠢᠭᠠᠨ ᠵᠢᠯᠤᠭᠤᠳᠴᠤ᠂ ᠣᠩᠭᠤᠴᠠ ᠰᠠᠯ ᠢ ᠳᠠᠩᠰᠠᠯᠠᠬᠤ᠂ ᠪᠠᠶᠢᠴᠠᠭᠠᠨ ᠰᠢᠯᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠤᠯᠪᠤᠭᠠᠨ ᠤ ᠠᠶᠠᠯᠠᠯ ᠵᠠᠯᠠᠬᠤ᠂ ᠠᠪᠦᠷᠡᠨ ᠲᠤᠰᠠᠯᠠᠵᠤ ᠱᠦᠭᠦᠬᠦ ᠵᠡᠷᠭᠡ ᠠᠵᠢᠯ ᠢ ᠵᠢᠭᠠᠨ ᠵᠢᠯᠤᠭᠤᠳᠤᠨ᠎ᠠ᠃      ︵ᠶᠢᠰᠦ︶ ᠡᠳ᠋ ᠤᠨ ᠶᠠᠪᠤᠳᠠᠯ ᠤᠨ ᠭᠠᠵᠠᠷ᠃ ᠠᠵᠢᠯ ᠲᠦᠷᠦᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠵᠤ ᠲᠣᠬᠢᠷᠠᠭᠤᠯᠬᠤ ᠠᠷᠭ᠎ᠠ ᠬᠡᠮᠵᠢᠶ᠎ᠠ ᠶᠢ ᠲᠣᠭᠤᠷᠪᠢᠵᠤ᠂ ᠦᠪᠡᠷᠲᠡᠭᠡᠨ ᠵᠠᠰᠠᠬᠤ ᠤᠷᠤᠨ ᠤ ᠪᠡᠯᠡ ᠣᠷᠤᠭᠤᠯᠤᠯᠲᠠ ᠶᠢᠨ ᠲᠦᠷᠦᠯ ᠵᠤᠶᠢᠯ ᠤᠨ ᠪᠡᠯᠡ ᠮᠦᠩᠭᠦ ᠶᠢ ᠬᠤᠷᠠᠮᠳᠤᠭᠤᠯᠤᠨ ᠭᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠵᠦ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠵᠢᠭᠡᠯᠡᠯᠭᠡ ᠶᠢᠨ ᠲᠡᠮᠲᠡᠭᠲᠦ ᠲᠠᠷᠬᠠᠭᠠᠬᠤ ᠰᠠᠨᠠᠭᠤᠯᠭ᠎ᠠ ᠶᠢ ᠲᠤᠷᠠᠳᠴᠤ᠂ ᠵᠠᠰᠠᠭ ᠤᠨ ᠣᠷᠳᠤᠨ ᠤ ᠴᠢᠨᠠᠷᠲᠠᠢ ᠦᠷᠢ ᠦᠭᠴᠡᠭᠡ ᠶᠢᠨ ᠬᠤᠯᠪᠤᠭᠳᠠᠯ ᠪᠦᠬᠦᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠲᠣᠰᠬᠠᠢ ᠪᠡᠯᠡ ᠮᠦᠩᠬᠦ᠂ ᠲᠦᠰᠦᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠠ ᠲᠦᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ᠂ ᠵᠠᠰᠠᠭ ᠤᠨ ᠣᠷᠳᠤᠨ ᠤ ᠬᠤᠳᠠᠯᠳᠤᠨ ᠠᠪᠬᠤ᠂ ᠢᠲᠡᠭᠡᠮᠵᠢᠲᠤ ᠵᠢᠭᠡᠯᠡᠯᠭᠡ᠂ ᠭᠠᠳᠠᠭᠠᠲᠤ ᠪᠡᠯᠡ ᠶᠢ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠷᠲᠡᠭ ᠢ ᠪᠠᠲᠤᠯᠠᠵᠤ ᠦᠷᠲᠡᠭ ᠢ ᠨᠡᠮᠡᠭᠲᠡᠬᠦᠯᠬᠦ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠵᠢᠯ ᠲᠦᠷᠦᠯ ᠤᠨ ᠲᠣᠲᠤᠭᠠᠲᠤ ᠶᠢᠨ ᠬᠢᠨᠠᠨ ᠪᠣᠲᠤᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠵᠢᠭᠠᠨ ᠵᠢᠯᠤᠭᠤᠳᠤᠨ᠎ᠠ᠃     ︵ᠠᠷᠪᠠ︶ ᠰᠢᠨᠵᠢᠯᠡᠭᠡ ᠮᠡᠷᠭᠡᠵᠢᠯ ᠤᠨ ᠭᠠᠵᠠᠷ᠃ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠲᠦᠷᠦᠯ ᠤᠨ ᠲᠦᠯᠦᠪᠯᠡᠭᠡ ᠶᠢ ᠲᠣᠭᠤᠷᠪᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠤᠶᠢᠯ ᠤᠨ ᠰᠣᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠲᠡᠯᠭᠡᠷᠡᠭᠦᠯᠦᠨ ᠬᠡᠷᠡᠭᠯᠡᠬᠦ ᠶᠢ ᠵᠣᠬᠢᠴᠠᠭᠤᠯᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠲᠦᠷᠦᠯ ᠤᠨ ᠦᠢᠯᠡᠳᠬᠦᠨ ᠤ ᠶᠠᠰᠤ ᠴᠢᠨᠠᠷ ᠪᠣᠯᠤᠨ ᠬᠡᠮᠵᠢᠯᠲᠡ ᠶᠢᠨ ᠭᠡᠷᠡᠴᠢᠯᠡᠯ ᠤᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃     ︵ᠠᠷᠪᠠᠨ ᠨᠢᠭᠡ︶ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠵᠠᠰᠠᠮᠠᠯ ᠵᠠᠮ᠂ ᠤᠰᠤᠨ ᠵᠠᠮ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠢ ᠵᠢᠭᠠᠨ ᠵᠢᠯᠤᠭᠤᠳᠴᠤ᠂ ᠠᠵᠢᠯ ᠲᠦᠷᠦᠯ ᠤᠨ ᠠᠶᠦᠯᠭᠦᠢ ᠦᠢᠯᠡᠳᠪᠦᠷᠢᠯᠡᠯ ᠤᠨ ᠬᠠᠥᠯᠢ ᠬᠡᠷᠡᠭᠵᠢᠭᠦᠯᠬᠦ ᠠᠵᠢᠯ ᠢ ᠵᠢᠭᠠᠨ ᠵᠢᠯᠤᠭᠤᠳᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃       ︵ᠠᠷᠪᠠᠨ ᠬᠤᠶᠠᠷ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠠᠵᠢᠯ ᠢ ᠵᠢᠭᠠᠨ ᠵᠢᠯᠣᠭᠤᠳᠤᠨ᠎ᠠ᠃       ︵ᠠᠷᠪᠠᠨ ᠳᠦᠷᠪᠡ︶ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠭᠠᠵᠠᠷ᠃ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠬᠤ ᠪᠠ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠶᠢ ᠲᠦᠷᠦᠭᠦᠯᠡᠨ ᠬᠢᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠲᠡᠮᠦᠷ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠳᠣᠲᠣᠷᠠᠬᠢ ᠣᠷᠣᠨ ᠨᠤᠲᠤᠭ ᠤᠨ ᠲᠡᠮᠦᠷ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ ᠵᠢᠯᠣᠭᠤᠳᠴᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ᠎ᠠ᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠵᠠᠰᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃       ᠠᠵᠢᠯᠯᠠᠬᠤ ᠬᠠᠶ᠋ᠢᠭ᠄ ᠬᠦᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂               14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠤᠲᠠᠰᠤ᠄ 0471— 6285784    ᠬᠠᠷᠢᠭᠤᠴᠠᠯᠭᠠᠲᠠᠨ᠄ ᠭᠤᠤ ᠱᠢ ᠴᠢᠨ ᠰᠢᠭᠤᠳ ᠬᠠᠷᠢᠶ᠎ᠠ ᠨᠢᠭᠡᠴᠢ᠄    ︵ᠨᠢᠭᠡ︶᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ    1. ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶ᠎ᠠ ᠪᠥᠬᠦᠶ ᠲᠥᠯᠥᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃     2. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     3. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     4. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     5. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     6. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     7. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ᠂ ᠪᠦᠷᠢᠳᠬᠡᠨ ᠵᠠᠳᠠᠯᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃     8. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     9. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠢᠴᠡᠳᠭᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠠᠵᠢᠯᠲᠠᠨ ᠤ ᠭᠠᠵᠠᠷ ︵ᠨᠠᠮ ᠪᠠ ᠣᠯᠠᠨ ᠲᠦᠮᠡᠨ ᠤ ᠠᠵᠢᠯ ᠤᠨ ᠭᠠᠵᠠᠷ︶᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠰᠤᠳᠤᠯᠬᠤ ᠲᠠᠰᠤᠭ            ︵ᠰᠣᠨᠢᠨ ᠮᠡᠳᠡᠭᠡ ᠤᠬᠠᠭᠤᠯᠭ᠎ᠠ ᠶᠢᠨ ᠭᠠᠵᠠᠷ︶᠂ ᠬᠠᠤᠯᠢ ᠳᠦᠷᠢᠮ ᠤᠨ ᠭᠠᠵᠠᠷ᠂ ᠬᠦᠭᠵᠢᠯᠲᠡ ᠶᠢᠨ ᠲᠥᠯᠥᠪᠵᠢᠭᠦᠯᠭᠡ ᠶᠢᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠭᠠᠵᠠᠷ᠂ ᠪᠠᠷᠢᠯᠭ᠎ᠠ ᠶᠢᠨ ᠮᠡᠷᠭᠡᠵᠢᠯ ᠬᠢᠭᠡᠳ ᠦᠢᠯᠡᠳᠬᠦ ᠦᠨ᠎ᠡ ᠶᠢᠨ ᠭᠠᠵᠠᠷ᠂ ᠬᠥᠳᠡᠭᠡ ᠲᠣᠰᠬᠤᠨ ᠬᠢᠭᠡᠳ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠭᠠᠵᠠᠷ᠂ ᠠᠶᠠᠨᠴᠢᠳ ᠤᠨ ᠲᠡᠭᠡᠭᠡᠪᠦᠷᠢ ᠶᠢᠨ ᠭᠠᠵᠠᠷ᠂ ᠪᠠᠷᠠᠭ᠎ᠠ ᠶᠢᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠭᠠᠵᠠᠷ᠂ ᠲᠡᠷᠭᠡ ᠬᠥᠰᠬᠡ ᠶᠢᠨ ᠮᠡᠷᠭᠡᠵᠢᠯ ᠤᠨ ᠭᠠᠵᠠᠷ᠂ ᠤᠰᠤᠨ ᠲᠡᠭᠡᠭᠡᠪᠦᠷᠢ ᠶᠢᠨ ᠳᠠᠯᠠᠶ ᠶᠢᠨ ᠶᠠᠪᠤᠳᠠᠯ ᠤᠨ ᠣᠩᠭᠤᠴᠠ ᠪᠠᠶᠢᠴᠠᠭᠠᠬᠤ ᠭᠠᠵᠠᠷ᠂ ᠠᠶᠦᠯᠭᠦᠢ ᠦᠢᠯᠡᠳᠪᠦᠷᠢᠯᠡᠯ ᠤᠨ ᠭᠠᠵᠠᠷ᠃     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶᠠᠨ ᠤ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ     ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂              14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠠᠷᠭ᠎ᠠ᠄ 0471 - 6968143     ᠬᠠᠷᠢᠭᠤᠴᠠᠯᠭᠠᠲᠠᠨ᠄ ᠷᠦᠩ ᠶᠣᠣ    ︵ᠬᠤᠶᠠᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠎ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ    1. ᠲᠢᠩᠬᠢᠮ ᠤᠨ ᠪᠠᠶᠢᠭᠤᠯᠭ᠎ᠠ ᠶᠢᠨ ᠠᠯᠪᠠᠯᠠᠬᠤ ᠠᠵᠢᠯᠯᠠᠭᠠᠨ᠂ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠣᠯᠠᠨ ᠲᠦᠮᠡᠨ ᠤ ᠪᠦᠯᠬᠦᠮ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃    2. ᠲᠢᠩᠬᠢᠮ ᠤᠨ ᠪᠠᠶᠢᠭᠤᠯᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠤᠨ ᠬᠥᠷᠥᠩᠭᠡ ᠶᠢᠨ ᠬᠠᠮᠢᠶᠠᠷᠤᠯᠲᠠ᠂ ᠠᠯᠪᠠᠨ ᠳᠤ ᠬᠡᠷᠡᠭᠯᠡᠬᠦ ᠭᠡᠷ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃     3. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ᠂ ᠶᠡᠷᠦᠩᠬᠡᠶᠢᠯᠡᠭᠰᠡᠨ ᠰᠠᠯᠠᠭ᠎ᠠ᠂ ᠠᠵᠢᠯᠲᠠᠨ ᠤ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ᠂ ᠠᠷᠤ ᠲᠠᠯ᠎ᠠ ᠶᠢᠨ ᠪᠠᠲᠤᠯᠠᠭ᠎ᠠ ᠶᠢᠨ ᠰᠠᠯᠠᠭ᠎ᠠ᠃    ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂                14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠤᠲᠠᠰᠤ᠄ 0471 - 6968595    ᠬᠠᠷᠢᠭᠤᠴᠠᠯᠭᠠᠲᠠᠨ᠄ ᠱᠧᠨ ᠶᠦᠩ ᠮᠢᠩ     ︵ᠭᠤᠷᠪᠠ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠥᠪ    1. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠵᠢᠯᠯᠠᠭᠠᠨ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠶᠢᠲᠡᠯᠡᠬᠦ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠲᠤᠬᠠᠶᠢᠯᠠᠭᠰᠠᠨ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃    2. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯ ᠭᠠᠮᠰᠢᠭ ᠠᠴᠠ ᠠᠪᠤᠷᠠᠬᠤ᠂ ᠠᠪᠤᠷᠠᠨ ᠲᠤᠰᠠᠯᠠᠵᠤ ᠱᠦᠭᠦᠬᠦ᠂ ᠵᠠᠮ ᠤᠨ ᠨᠡᠪᠲᠡᠷᠡᠬᠦ ᠶᠢ ᠪᠠᠲᠤᠯᠠᠬᠤ᠂ ᠪᠠᠴᠢᠮ ᠲᠡᠭᠡᠭᠡᠪᠦᠷᠢ ᠵᠡᠷᠭᠡ ᠲᠤᠬᠠᠶᠢᠯᠠᠭᠰᠠᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠵᠦ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠴᠢᠬᠤᠯᠠ ᠴᠠᠭ ᠬᠤᠭᠤᠴᠠᠭ᠎ᠠ᠂ ᠴᠢᠬᠤᠯᠠ ᠠᠵᠢᠯᠯᠠᠭ᠎ᠠ ᠵᠡᠷᠭᠡ ᠰᠡᠷᠭᠡᠭ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠠᠭᠠᠴᠠᠭᠠᠨ ᠰᠢᠶᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃    3. ᠲᠢᠩᠬᠢᠮ ᠤᠨ ᠨᠢᠭᠤᠴᠠ ᠳᠤ ᠬᠤᠯᠪᠣᠭᠳᠠᠬᠤ ᠠᠵᠢᠯᠯᠠᠬᠤ ᠰᠦᠯᠵᠢᠶᠡᠨ ᠤ ᠰᠢᠰᠲ᠋ᠧᠮ ᠤᠨ ᠡᠳᠦᠷ ᠲᠤᠲᠤᠮ ᠤᠨ ᠬᠡᠷᠡᠭᠯᠡᠵᠦ ᠬᠠᠮᠢᠶᠠᠷᠬᠤ ᠠᠵᠢᠯ ᠢ ᠡᠭᠦᠷᠭᠡᠯᠡᠨ᠎ᠡ᠃    4. ᠳᠥᠷᠪᠡ᠂ ᠠᠵᠢᠯ ᠲᠥᠷᠥᠯ ᠤᠨ ᠦᠶᠯᠡᠴᠢᠯᠡᠭᠡᠨ ᠤ ᠬᠢᠨᠠᠯᠲᠠ ᠲᠠᠯᠪᠢᠬᠤ ᠤᠳᠠᠰᠤ ︵ᠬᠠᠯᠠᠮᠰᠢᠯ ᠤᠲᠠᠰᠤ︶᠎ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ ᠲᠤᠬᠠᠶᠢᠯᠠᠭᠰᠠᠨ ᠠᠵᠢᠯ ᠵᠡᠷᠭᠡ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃    5. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠠᠵᠢᠯᠯᠠᠭᠠᠨ ᠢ ᠬᠢᠨᠠᠨ ᠬᠡᠮᠵᠢᠬᠦ ᠰᠠᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠰᠠᠯᠠᠭ᠎ᠠ᠂ ᠪᠠᠲᠤᠯᠠᠭ᠎ᠠ ᠶᠢᠨ ᠦᠶᠯᠡᠴᠢᠯᠡᠭᠡᠨ ᠤ ᠰᠠᠯᠠᠭ᠎ᠠ᠃    ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂                    14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠤᠲᠠᠰᠤ᠄ 0471-6936998    ᠬᠠᠷᠢᠭᠤᠴᠠᠯᠭᠠᠲᠠᠨ᠄ ᠯᠢᠦ ᠠᠢ ᠵᠢᠶᠦ᠋ᠨ    ︵ᠳᠦᠷᠪᠡ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ    1. ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠦᠶᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠬᠤ ᠳᠤ ᠣᠷᠣᠯᠴᠠᠨ᠎ᠠ᠃    2. ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠮᠡᠳᠡᠯ ᠤᠨ ᠳᠣᠲᠣᠷᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠶᠠᠪᠤᠳᠠᠯ᠂ ᠬᠡᠮᠵᠢᠶ᠎ᠡ ᠠᠴᠠ ᠭᠡᠲᠦᠷᠡᠭᠦᠯᠦᠭᠰᠡᠨ ᠢ ᠵᠠᠰᠠᠬᠤ᠂ ᠰᠦᠢᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃     3. ᠡᠷᠬᠡ ᠮᠡᠳᠡᠯ ᠤᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠶᠢᠨ ᠶᠠᠪᠤᠳᠠᠯ᠂ ᠤᠰᠤᠨ ᠵᠠᠮ ᠤᠨ ᠲᠡᠭᠡᠭᠡᠪᠦᠷᠢ ᠶᠢᠨ ᠶᠠᠪᠤᠳᠠᠯ᠂ ᠠᠶᠠᠯᠠᠯ ᠤᠨ ᠵᠠᠮ ᠤᠨ ᠵᠠᠰᠠᠭ ᠵᠠᠬᠢᠷᠭᠠᠨ᠂ ᠣᠷᠣᠨ ᠨᠤᠲᠤᠭ ᠤᠨ ᠳᠠᠯᠠᠶ ᠶᠢᠨ ᠶᠠᠪᠤᠳᠠᠯ ᠤᠨ ᠵᠠᠰᠠᠭ ᠵᠠᠬᠢᠷᠭᠠᠨ᠂ ᠣᠩᠭᠤᠴᠠ ᠰᠠᠯ ᠢ ᠪᠠᠶᠢᠴᠠᠭᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      4. ᠬᠠᠷᠢᠶ᠎ᠠ ᠪᠦᠬᠦᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      5. ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠶᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠰᠦᠶᠳᠬᠡᠯ ᠬᠤᠷᠢᠶᠠᠬᠤ ᠵᠠᠰᠠᠮᠠᠯ ᠵᠠᠮ ᠤᠨ ᠰᠦᠶᠳᠬᠡᠯ ᠬᠤᠷᠢᠶᠠᠬᠤ ᠎ ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃      6. ᠲᠤᠰ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠣᠯᠤᠨ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      7. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃     8. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄    ᠳᠣᠲᠣᠭᠠᠳᠤ ᠳᠤ ᠪᠠᠨ 15 ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠲᠣᠬᠢᠷᠠᠭᠤᠯᠵᠤ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠶᠢᠨ ᠶᠠᠪᠤᠳᠠᠯ ᠤᠨ ᠰᠠᠯᠠᠭ᠎ᠠ᠂ ᠤᠰᠤᠨ ᠲᠡᠭᠡᠭᠡᠪᠦᠷᠢ ᠶᠢᠨ ᠲᠡᠯᠡᠶ ᠶᠢᠨ ᠶᠠᠪᠤᠳᠠᠯ ᠤᠨ ᠣᠩᠭᠤᠴᠠ ᠪᠠᠶᠢᠴᠠᠭᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠬᠢᠭᠡᠳ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃     ᠶᠡᠷᠦᠩᠬᠡᠶ ᠠᠩᠭᠢ ᠶᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠶᠢᠯᠠᠪᠠᠯ ᠨᠢᠭᠡᠳᠦᠭᠡᠷ ᠰᠠᠯᠪᠤᠷᠢ ᠠᠩᠭᠢ᠂ ᠬᠤᠶᠠᠳᠤᠭᠠᠷ ᠰᠠᠯᠪᠤᠷᠢ ᠠᠩᠭᠢ ···· ᠭᠡᠬᠦ ᠮᠡᠲᠦ ᠪᠠᠷ ᠠᠷᠪᠠᠨ ᠭᠤᠷᠪᠠᠳᠤᠭᠠᠷ ᠰᠠᠯᠪᠤᠷᠢ ᠠᠩᠭᠢ ᠬᠦᠷᠲᠡᠯ᠎ᠡ ᠪᠠᠶᠢᠵᠤ᠂ ᠳᠡᠳ᠋ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃     13 ᠰᠠᠯᠪᠤᠷᠢ ᠠᠩᠭᠢ ᠶᠢᠨ ᠳᠣᠣᠷ᠎ᠠ ᠨᠢ 158 ᠶᠡᠭᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭᠠᠨ ᠤ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃     13 ᠰᠠᠯᠪᠤᠷᠢ ᠠᠩᠭᠢ ᠨᠢ ᠲᠣᠰ ᠲᠣᠰ ᠵᠢᠩᠬᠢᠨᠢ ᠰᠠᠯᠠᠭᠠᠨ ᠤ ᠲᠠᠰ ᠲᠠᠢ ᠲᠡᠩᠴᠡᠬᠦ 9 ᠳᠣᠲᠣᠭᠠᠳᠤ ᠪᠠᠶᠢᠭᠤᠯᠤᠮᠵᠢ ᠲᠣᠬᠢᠷᠠᠭᠤᠯᠵᠤ᠂ ᠲᠤᠬᠠᠶᠢᠯᠠᠪᠠᠯ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠯᠠᠭ᠎ᠠ᠂ ᠡᠳ᠋ ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠶᠢᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃     ᠠᠵᠢᠯᠯᠠᠬᠤ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠳᠣᠰ ᠶᠡᠭᠡ ᠵᠡᠭᠡᠯᠢ ᠶᠢᠨ ᠱᠢ ᠳ᠋ᠦᠩ ᠵᠠᠮ ᠤᠨ 6 ᠳ᠋ᠤᠭᠠᠷ ᠨᠣᠮᠧᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂                   14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠠᠷᠭ᠎ᠠ ᠮᠠᠶ᠋ᠢᠭ᠄ 0471 — 5973300    ᠬᠠᠷᠢᠭᠤᠴᠠᠯᠭᠠᠲᠠᠨ᠄ ᠸᠠᠩ ᠴᠦᠨ ᠯᠸᠢ       ︵ᠲᠠᠪᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠰᠣᠳᠤᠯᠭᠠᠨ ᠤ ᠬᠦᠷᠢᠶᠡᠯᠡᠩ    1. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠥᠷᠨᠢᠭᠦᠯᠦᠨ᠎ᠡ︔     2. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠥᠷᠨᠢᠭᠦᠯᠦᠨ᠎ᠡ᠃     3. ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠣᠶᠤᠨᠴᠢ ᠵᠠᠮ ᠬᠠᠷᠢᠯᠴᠠᠭ᠎ᠠ᠂ ᠪᠣᠬᠢᠷᠳᠤᠯ ᠦᠭᠡᠢ ᠵᠠᠮ ᠬᠠᠷᠢᠯᠴᠠᠭ᠎ᠠ᠂ ᠠᠮᠤᠷ ᠠᠮᠤᠭᠤᠯᠠᠩ ᠵᠠᠮ ᠬᠠᠷᠢᠯᠴᠠᠭᠠᠨ ᠤ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠠᠵᠤ ᠠᠬᠤᠢ ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠲᠡᠭᠡᠭᠡᠪᠦᠷᠢ ᠶᠢᠨ ᠵᠠᠩᠭᠢᠯᠠᠭ᠎ᠠ᠂ ᠲᠡᠭᠡᠭᠡᠪᠦᠷᠢ ᠶᠢᠨ ᠨᠡᠪᠲᠡᠷᠡᠬᠦ ᠵᠠᠮ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠣᠷᠭᠠᠨᠢᠭ ᠢᠶᠠᠷ ᠵᠣᠯᠭᠠᠭᠤᠯᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠶᠢᠨ ᠳᠦᠷᠢᠮ᠂ ᠪᠠᠷᠢᠮᠵᠢᠶ᠎ᠠ᠂ ᠵᠢᠷᠤᠮᠵᠢᠯ᠂ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃     4. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠡᠷᠡᠭᠯᠡᠭᠡᠨ ᠤ ᠰᠠᠭᠤᠷᠢ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ᠂ ᠦᠷ᠎ᠡ ᠪᠦᠲᠦᠭᠡᠯ ᠤᠨ ᠳᠡᠯᠭᠡᠷᠡᠭᠦᠯᠦᠯᠲᠡ᠂ ᠪᠠᠷᠢᠮᠵᠢᠶᠠᠵᠢᠭᠤᠯᠤᠯᠲᠠ ᠪᠠ ᠴᠢᠳᠠᠪᠤᠷᠢᠲᠠᠨ ᠤ ᠨᠡᠭᠡᠭᠡᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ︔ ︽ᠥᠪᠥᠷ ᠮᠣᠩᠭᠤᠯ ᠤᠨ ᠵᠠᠰᠠᠮᠠᠯ ᠵᠠᠮ ᠬᠢᠭᠡᠳ ᠲᠡᠭᠡᠭᠡᠪᠦᠷᠢ︾᠎ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠬᠡᠪᠯᠡᠯ ᠤᠨ ᠠᠵᠢᠯ ᠢ ᠡᠭᠦᠷᠭᠡᠯᠡᠨ᠎ᠡ᠃     5. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠲᠤᠰᠢᠶᠠᠵᠤ ᠳᠠᠭᠤᠰᠤᠭᠰᠠᠨ ᠪᠠᠷᠢᠯᠭ᠎ᠠ ᠶᠢ ᠰᠢᠯᠭᠠᠨ ᠬᠤᠷᠢᠶᠠᠵᠤ ᠪᠠᠶᠢᠴᠠᠭᠠᠨ ᠬᠡᠮᠵᠢᠬᠦ᠂ ᠰᠢᠯᠭᠠᠨ ᠪᠠᠲᠤᠯᠠᠬᠤ ᠴᠢᠨᠠᠷᠲᠠᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠠᠵᠢᠯ᠂ ᠪᠠᠷᠢᠯᠭ᠎ᠠ ᠶᠢᠨ ᠲᠥᠬᠦᠭᠡᠷᠦᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢ ᠡᠭᠦᠷᠭᠡᠯᠡᠵᠦ᠂ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠢᠨᠠᠨ ᠲᠣᠭᠲᠠᠭᠠᠬᠤ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠶᠢᠨ ᠰᠤᠳᠤᠯᠭᠠᠨ ᠤ ᠲᠥᠪ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠤᠶᠤᠨᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠲᠤᠤᠷ᠎ᠠ ᠨᠡᠭᠦᠷᠡᠰᠦᠲᠥ᠋ᠷᠥᠭᠴᠢᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ᠂ ᠢᠨᠵᠧᠨᠧᠷᠢᠩ ᠤᠨ ᠲᠥᠬᠦᠭᠡᠷᠦᠮᠵᠢ ᠶᠢᠨ ᠬᠡᠮᠵᠢᠯᠲᠡ ᠶᠢᠨ ᠲᠥᠪ᠃    ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠬᠢᠭᠡᠳ ᠬᠤᠶᠢᠲᠤ ᠬᠤᠶᠠᠳᠤᠭᠠᠷ ᠲᠣᠭᠤᠷᠢᠯ ᠵᠠᠮ ᠤᠨ ᠠᠭᠤᠯᠵᠠᠷ ᠤᠨ ᠡᠮᠦᠨ᠎ᠡ 300 ᠮᠧᠲᠷ ᠤᠨ ᠪᠠᠷᠠᠭᠤᠨ ᠭᠤᠳᠤᠮᠵᠢ ᠶᠢᠨ ᠳᠣᠲᠣᠷ᠎ᠠ    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂                  14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ    ᠬᠠᠷᠢᠯᠴᠠᠬᠤ ᠬᠡᠯᠪᠡᠷᠢ᠄ 0471-6536771    ᠬᠠᠷᠢᠭᠤᠴᠠᠯᠭᠠᠲᠠᠨ᠄ ᠵᠠᠩ ᠬᠤᠩ ᠸᠧᠢ    ︵ᠵᠢᠷᠭᠤᠭ᠎ᠠ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠦᠷᠲᠡᠭᠡ    1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ ᠵᠡᠷᠭᠡ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠳᠦᠷᠢᠮ ᠪᠣᠯᠣᠨ ᠪᠠᠷᠢᠮᠵᠢᠶ᠎ᠠ ᠶᠢ ᠲᠤᠭᠤᠷᠪᠢᠨ ᠪᠢᠴᠢᠬᠦ ᠠᠵᠢᠯ ᠳᠤ ᠣᠷᠤᠯᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ︔     2. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠠᠮᠢᠶᠠᠷᠤᠯᠲᠠ ᠵᠡᠷᠭᠡ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ︔     3. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠤ ᠬᠢᠨᠠᠨ ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ︔     4. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠡᠳ᠋ ᠤᠨ ᠶᠠᠪᠤᠳᠠᠯ ᠤᠨ ᠰᠠᠯᠠᠭ᠎ᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ᠂ ᠬᠢᠨᠠᠨ ᠬᠠᠮᠢᠶᠠᠷᠴᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠰᠠᠯᠠᠭ᠎ᠠ᠃     ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 105 ᠳ᠋ᠤᠭᠠᠷ ᠨᠣᠮᠧᠷ     ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂                  14᠄ 30 —  17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ     ᠬᠠᠷᠢᠯᠴᠠᠬᠤ ᠬᠡᠯᠪᠡᠷᠢ᠄ 0471-6550407     ᠬᠠᠷᠢᠭᠤᠴᠠᠯᠭᠠᠲᠠᠨ᠄ ᠵᠠᠩ ᠯᠧ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号