ᠵᠠᠮ ᠬᠠᠷᠢᠯᠴᠠᠭᠠᠨ ᠤ ᠬᠥᠮᠥᠰ ᠮᠥᠰᠥ ᠴᠠᠰᠤᠨ ᠳᠤ ᠡᠷᠡᠯᠬᠡᠭᠯᠡᠨ ᠲᠡᠮᠡᠴᠡᠵᠦ ᠪᠠᠶᠢᠨ᠎ᠠ
ᠨᠡᠶᠢᠲᠡᠯᠡᠭᠰᠡᠨ ᠴᠠᠭ᠄
2024/1/23
     ᠬᠦᠢᠲᠡᠨ ᠰᠠᠯᠬᠢ ᠱᠤᠤᠭᠢᠨ ᠶᠡᠭᠡ ᠴᠠᠰᠤ ᠯᠠᠪᠰᠠᠯᠠᠨ᠎ᠠ     1 ᠳ᠋ᠦ᠋ᠭᠡᠷ ᠰᠠᠷ᠎ᠠ ᠶᠢᠨ 18 ᠤ ᠡᠳᠦᠷ ᠠᠴᠠ ᠡᠬᠢᠯᠡᠨ 2024 ᠣᠨ ᠤ ᠠᠩᠬᠠᠨ ᠤ ᠴᠠᠰᠤ ᠪᠣᠯᠵᠤᠭ᠎ᠠ ᠪᠠᠷ ᠰᠠᠭᠠᠲᠠᠵᠤ ᠭᠤᠶᠣ ᠦᠵᠡᠮᠵᠢ ᠶᠢ ᠠᠪᠴᠢᠷᠠᠬᠤ ᠶᠢᠨ ᠬᠠᠮᠲᠤ ᠪᠠᠰᠠ ᠣᠯᠠᠨ ᠲᠦᠮᠡᠨ ᠤ ᠶᠠᠪᠤᠵᠤ ᠰᠠᠭᠤᠬᠤ ᠶᠢ ᠨᠥᠯᠥᠭᠡᠯᠡᠭᠰᠡᠨ ᠪᠠᠶᠢᠳᠠᠭ᠃
202401240944531.jpg
    ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠴᠠᠰᠤ ᠣᠷᠣᠵᠤ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠴᠠᠰᠤ ᠪᠠᠷ ᠵᠠᠷᠯᠢᠭ ᠪᠣᠯᠭᠠᠨ᠂ ︽ᠴᠠᠰᠤᠨ︾ ᠳᠤ ᠡᠷᠡᠯᠬᠡᠭᠯᠡᠨ ᠲᠡᠮᠡᠴᠡᠵᠦ᠂ ᠰᠠᠭᠠᠳ ᠦᠭᠡᠢ ᠨᠡᠪᠲᠡᠷᠡᠬᠦ ᠪᠠ ᠠᠮᠤᠷ ᠲᠦᠪᠰᠢᠨ ᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂  ︽ᠰᠢᠷᠭᠠᠭᠤ ᠬᠠᠲᠠᠭᠤᠵᠢᠯᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ︾ ᠶᠢ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠠᠮ ᠳᠡᠭᠡᠷ᠎ᠡ ᠪᠢᠴᠢᠭᠯᠡᠪᠡ᠃
20240124094601.jpg 
20240124094712副本.jpg
20240124094724.jpg
20240124094736.jpg
    ᠪᠦᠬᠦ ᠣᠷᠣᠨ ᠤ ᠵᠠᠮ ᠬᠠᠷᠢᠯᠴᠠᠭᠠᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠵᠠᠰᠠᠮᠠᠯ ᠵᠠᠮ ᠤᠨ ᠮᠤᠷᠤᠶ ᠵᠠᠮ᠂ ᠡᠭᠴᠡ ᠬᠥᠲᠥᠯ᠂ ᠬᠥᠭᠦᠷᠭᠡᠨ ᠭᠤᠯᠳᠤᠩ ᠵᠡᠷᠭᠡ ᠵᠠᠮ ᠳᠠᠭᠠᠤ ᠶᠢᠨ ᠲᠦᠭᠦᠭᠡᠷᠦᠮᠵᠢ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠪᠣᠯᠤᠨ ᠮᠠᠰᠢᠨ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ᠂ ᠠᠮᠠᠷᠬᠠᠨ ᠮᠦᠰᠦ ᠬᠥᠯᠳᠡᠬᠦ ᠵᠠᠮ ᠤᠨ ᠬᠡᠰᠡᠭ ᠲᠤ ᠭᠤᠯᠭᠤᠬᠤ ᠠᠴᠠ ᠰᠡᠷᠭᠡᠶᠢᠯᠡᠬᠦ ᠮᠠᠲ᠋ᠧᠷᠢᠶᠠᠯ᠂ ᠴᠠᠰᠤ ᠬᠠᠶᠢᠯᠠᠭᠤᠯᠬᠤ ᠡᠳ᠋ ᠢ ᠴᠠᠭ ᠲᠤᠬᠠᠶ ᠳᠤ ᠨᠢ ᠰᠠᠴᠤᠬᠤ ᠶᠢᠨ ᠬᠠᠮᠲᠤ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠮᠡᠳᠡᠭᠦᠯᠦᠨ ᠬᠦᠷᠭᠡᠵᠦ᠂ ᠵᠠᠮ ᠳᠡᠭᠡᠷ᠎ᠡ ᠬᠤᠷᠠᠭᠰᠠᠨ ᠴᠠᠰᠤ ᠶᠢ ᠴᠠᠭ ᠲᠤᠬᠠᠶ ᠳᠤ ᠨᠢ ᠪᠦᠲᠦᠮᠵᠢᠲᠡᠶ ᠪᠠᠷ ᠠᠷᠢᠯᠭᠠᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠠᠵᠢᠯ ᠳᠤ ᠪᠠᠲᠤ ᠪᠠᠬᠢ ᠪᠠᠲᠤᠯᠠᠭ᠎ᠠ ᠬᠠᠩᠭᠠᠪᠠ᠃
20240124094838副本.jpg
20240124094857.jpg
20240124094905.jpg
20240124094917.jpg
     ᠵᠠᠮ ᠳᠡᠭᠡᠷ᠎ᠡ ᠬᠤᠷᠠᠭᠰᠠᠨ ᠴᠠᠰᠤ ᠪᠠ ᠮᠥᠰᠥ ᠬᠥᠯᠳᠡᠭᠰᠡᠨ ᠠᠴᠠ ᠪᠤᠯᠵᠤ ᠬᠠᠰᠢᠭᠳᠠᠭᠰᠠᠨ ᠲᠡᠷᠭᠡ ᠬᠥᠰᠬᠡ ᠪᠠ ᠶᠠᠪᠠᠭᠠᠨ ᠬᠥᠮᠦᠨ ᠢ ᠵᠠᠮ ᠬᠠᠷᠢᠯᠴᠠᠭᠠᠨ ᠤ  ᠬᠥᠮᠥᠰ ᠴᠠᠭ ᠲᠤᠬᠠᠢ ᠳᠤ ᠨᠢ ᠠᠪᠤᠷᠠᠨ ᠲᠤᠰᠠᠯᠠᠵᠤ᠂ ᠬᠠᠰᠢᠭᠳᠠᠭᠰᠠᠨ ᠬᠥᠮᠦᠰ ᠤᠨ ᠲᠡᠷᠭᠡ ᠶᠢ ᠲᠦᠯᠬᠢᠨ᠂ ᠳᠤᠭᠤᠶᠢᠯᠠᠪᠤᠷᠢ ᠶᠢᠨ ᠡᠷᠬᠢᠨ ᠲᠣᠭᠤᠷᠢᠨ ᠤ ᠬᠤᠷᠠᠭᠰᠠᠨ ᠴᠠᠰᠤ ᠶᠢ ᠠᠷᠢᠯᠭᠠᠵᠤ᠂ ᠲᠡᠳᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠪᠡ᠃
20240124095026.jpg
20240124095039.jpg
    ᠰᠠᠯᠬᠢ ᠰᠢᠭᠤᠷᠭᠠᠨ ᠳᠤ᠂ ᠵᠠᠰᠠᠮᠠᠯ ᠵᠠᠮ ᠤᠨ ᠬᠠᠮᠠᠭᠠᠯᠠᠭᠴᠢ ᠶᠢᠨ ᠪᠠᠷ᠎ᠠ ᠨᠢ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠪᠠ᠃     ︽ᠴᠠᠰᠤᠨ︾ ᠳᠤ ᠡᠷᠡᠯᠬᠡᠭᠯᠡᠨ ᠲᠡᠮᠡᠴᠡᠵᠦ᠂ ᠲᠠᠨ ᠤ ᠠᠶᠠᠨ ᠵᠠᠮ ᠢ ᠰᠢᠯᠤᠭᠤᠳᠬᠠᠨ᠎ᠠ︕    ᠬᠦᠴᠢᠷ ᠪᠡᠷᠬᠡᠰᠢᠶᠡᠯ ᠲᠠᠢ ᠴᠠᠭ ᠮᠥᠴᠡ ᠳᠤ᠂ ᠶᠡᠷᠦ ᠨᠢ ᠵᠠᠷᠢᠮ ᠬᠥᠮᠦᠨ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ ᠪᠠᠶᠢᠳᠠᠭ᠃     ᠰᠠᠯᠬᠢ ᠰᠢᠭᠤᠷᠭᠠᠨ ᠳᠤ᠂  ᠶᠡᠷᠦ ᠨᠢ ᠵᠠᠷᠢᠮ ᠬᠥᠮᠦᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠳᠠᠭ᠃     ᠴᠠᠰᠤ ᠠᠷᠢᠯᠭᠠᠵᠤ ᠵᠠᠮ ᠨᠡᠪᠲᠡᠷᠡᠭᠦᠯᠬᠦ ᠡᠮᠦᠨ᠎ᠡ ᠹᠷᠣᠨᠲ ᠲᠤ ᠲᠡᠮᠡᠴᠡᠵᠦ ᠪᠠᠶᠢᠭ᠎ᠠ ᠵᠠᠮ ᠬᠠᠷᠢᠯᠴᠠᠭᠠᠨ ᠤ ᠬᠥᠮᠥᠰ ᠲᠤ ᠬᠦᠨᠳᠦᠳᠭᠡᠯ ᠳᠡᠪᠰᠢᠭᠦᠯᠦᠶ᠎ᠡ︕
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号