ᠬᠥᠬᠡᠬᠤᠲᠠ ᠶᠢᠨ ᠵᠢᠶᠠᠨ ᠲᠦᠩ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠢ ᠰᠢᠨ ᠪᠠᠷᠢᠯᠭ᠎ᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠠᠯᠪᠠᠨ ᠵᠠᠷᠯᠠᠯ | | ᠥᠪᠥᠷ ᠵᠠᠮ ᠲᠠᠷᠬᠠᠭᠠᠭᠰᠠᠨ ﹇2020﹈ 75 ᠳ᠋ᠤᠭᠠᠷ ᠲᠣᠭᠠᠲᠤ | | | ᠨᠡᠶᠢᠭᠡᠮ ᠨᠡᠶᠢᠲᠡ ᠳᠤ ᠄ | ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ | ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠬᠢᠷᠢ ᠬᠡᠮ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠡᠳᠦᠭᠡ ᠬᠥᠬᠡᠬᠤᠲᠠ ᠶᠢᠨ ᠵᠢᠶᠠᠨ | ᠲᠦᠩ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠷᠦᠢ ᠰᠢᠨ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ | ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ | ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ | ᠮᠡᠳᠡᠭᠡ ᠵᠠᠩᠭᠢ ᠶᠢ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ︽ᠬᠢᠨᠠᠨ ᠬᠠᠮᠢᠶᠠᠷᠬᠤ ᠠᠵᠤ | ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢᠨ ᠠᠯᠪᠠᠨ ᠵᠠᠷᠯᠠᠯ︾ ᠤᠨ ᠬᠡᠰᠡᠭ ᠲᠤ | https://glxy.mot.gov.cn/publicity/index.do︶ ᠪᠠᠶᠢᠴᠠᠭᠠᠨ ᠦᠵᠡᠭᠡᠷᠡᠢ᠃ ᠵᠠᠷᠯᠠᠨ | ᠨᠡᠶᠢᠲᠡᠯᠡᠬᠦ ᠴᠠᠭ ᠨᠢ 2024 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ᠠᠴᠠ 2024 ᠣᠨ ᠤ 1 ᠳ᠋ᠦ᠋ᠭᠡᠷ | ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ | ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠂ ᠬᠤᠭᠤᠴᠠᠭ᠎ᠠ ᠠᠴᠠ ᠦᠩᠭᠡᠷᠡᠭᠰᠡᠨ ᠢ ᠬᠦᠯᠢᠶᠡᠨ | ᠠᠪᠴᠤ ᠰᠢᠢᠳᠪᠦᠷᠢᠯᠡᠬᠦ ᠦᠭᠡᠶ ︵ᠰᠢᠦᠳᠠᠨ ᠢᠶᠠᠷ ᠢᠯᠡᠭᠡᠬᠦ ᠮᠠᠲ᠋ᠧᠷᠢᠶᠠᠯ ᠢ ᠰᠢᠦᠳᠠᠨ ᠤ ᠲᠠᠮᠠᠭ᠎ᠠ ᠶᠢᠨ ᠡᠳᠦᠷ | ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ | ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ | ᠬᠠᠶ᠋ᠢᠭ ᠪᠠ ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ | ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ | ᠥᠰᠥᠭ ᠵᠢᠷᠤᠬᠤ ᠬᠡᠷᠡᠭᠲᠡᠶ᠃ ᠪᠠᠶᠢᠴᠠᠭᠠᠨ ᠳᠣᠲᠣᠯᠠᠭᠰᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠠᠵᠤ | ᠠᠬᠤᠶᠢᠯᠠᠯ ᠢ ᠮᠠᠨ ᠤ ᠲᠢᠩᠬᠢᠮ ᠬᠤᠯᠪᠣᠭᠳᠠᠯ ᠪᠦᠬᠦᠢ ᠲᠣᠭᠲᠠᠭᠠᠯ ᠢᠶᠠᠷ ᠰᠢᠢᠳᠪᠦᠷᠢᠯᠡᠨ᠎ᠡ᠃ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠬᠡᠷᠪᠡ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ | ᠰᠠᠨᠠᠯ ᠳᠤ ᠣᠨᠳᠣᠤ ᠰᠠᠨᠠᠯ ᠲᠠᠢ ᠪᠠᠶᠢᠪᠠᠯ᠂ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠥᠬᠦ | ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ᠂ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ | ᠬᠡᠮ ᠤᠨ ᠵᠠᠰᠠᠭ ᠵᠠᠬᠢᠷᠭᠠᠨ ᠤ ᠵᠥᠪᠰᠢᠶᠡᠷᠡᠯ︾ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠦᠢᠴᠡᠳᠭᠡᠬᠦ ᠬᠡᠰᠡᠭ ᠲᠤ | ᠲᠣᠭᠠᠴᠢᠯᠲᠠ ᠶᠢᠨ ᠭᠤᠶᠤᠴᠢᠯᠠᠯ ᠢᠶᠠᠨ ᠲᠤᠰᠢᠶᠠᠵᠤ᠂ ᠬᠤᠭᠤᠴᠠᠭ᠎ᠠ ᠠᠴᠠ ᠦᠩᠭᠡᠷᠡᠭᠰᠡᠨ ᠢ ᠭᠥᠯᠢᠶᠡᠨ ᠠᠪᠴᠤ | ᠰᠢᠢᠳᠪᠦᠷᠢᠯᠡᠬᠦ ᠦᠭᠡᠢ᠃ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ | ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 0100 20 | ᠬᠠᠷᠢᠯᠴᠠᠬᠤ ᠬᠥᠮᠦᠨ᠄ ᠸᠠᠩ ᠹᠠᠩ᠂ ᠬᠠᠷᠢᠯᠴᠠᠬᠤ ᠤᠲᠠᠰᠤ᠄ 0471 - 6969040᠂ ᠢᠮᠧᠯ᠄ | nmgjtjsc@126.com᠃ | | | ᠳᠠᠭᠠᠯᠳᠤᠭᠤᠯᠤᠯ᠄ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ | ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ .pdf | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2024 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ | |