| | ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ 2023 ᠣᠨ ᠤ 12 ᠳ᠋ᠤᠭᠠᠷ ᠰᠠᠷ᠎ᠠ ᠶᠢᠨ 30 ᠤ ᠡᠳᠦᠷ | ᠠᠴᠠ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠣᠯᠠᠨ ᠲᠦᠮᠡᠨ ᠤ ᠶᠠᠪᠤᠵᠤ ᠰᠠᠭᠤᠬᠤ | ᠬᠦᠰᠡᠯ ᠰᠠᠨᠠᠭ᠎ᠠ ᠢᠯᠡᠳᠲᠡ ᠳᠡᠭᠡᠭᠰᠢᠯᠡᠵᠦ᠂ ᠣᠶᠢᠷ᠎ᠠ ᠵᠠᠮ ᠤᠨ ᠵᠢᠭᠤᠯᠴᠢᠯᠠᠯ᠂ ᠲᠥᠷᠥᠯ ᠰᠠᠳᠤᠨ ᠢᠶᠠᠨ ᠡᠷᠭᠢᠵᠦ | ᠦᠵᠡᠬᠦ ᠵᠢᠭᠤᠯᠴᠢᠯᠠᠯ ᠳᠠᠪᠬᠤᠴᠠᠵᠤ᠂ 3 ᠡᠳᠦᠷ ᠲᠤ ᠨᠡᠶᠢᠲᠡ ᠲᠡᠷᠭᠡᠨ ᠴᠣᠪᠣᠷᠠᠯ ᠤᠨ ᠶᠡᠷᠦᠩᠬᠡᠢ ᠬᠡᠮᠵᠢᠶ᠎ᠡ 81.01 | ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ︵ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ᠂ | ᠳᠣᠷᠣᠭᠰᠢ ᠠᠳᠠᠯᠢ︶ ᠠᠴᠠ 13.25% ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ | 11.39% ᠳᠡᠭᠡᠭᠰᠢᠯᠡᠵᠦ᠂ ᠲᠡᠷᠭᠡᠨ ᠴᠣᠪᠣᠷᠠᠯ ᠤᠨ ᠣᠷᠭᠢᠯ ᠬᠤᠭᠤᠴᠠᠭ᠎ᠠ ᠨᠢ 1 ᠳ᠋ᠦ᠋ᠭᠡᠷ ᠰᠠᠷ᠎ᠠ ᠶᠢᠨ 1 ᠤ | ᠡᠳᠦᠷ 39.96 ᠲᠦᠮᠡ ᠪᠠᠶᠢᠵᠤ᠂ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ | ᠵᠠᠰᠠᠮᠠᠯ ᠵᠠᠮ ᠤᠨ ᠲᠣᠤᠷ ᠤᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃ | | ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠠᠪᠤᠵᠤ ᠰᠠᠭᠤᠬᠤ ᠬᠡᠷᠡᠭᠴᠡᠭᠡ ᠶᠡᠭᠡ ᠪᠠᠶᠢᠵᠤ᠂ | ᠥᠪᠡᠷ ᠢᠶᠠᠨ ᠲᠡᠷᠭᠡ ᠵᠢᠯᠣᠭᠤᠳᠴᠤ ᠶᠠᠪᠤᠵᠤ ᠰᠠᠭᠤᠬᠤ ᠵᠢᠵᠢᠭ ᠮᠠᠰᠢᠨ ᠲᠡᠷᠭᠡ ᠲᠥᠪᠯᠡᠷᠡᠩᠭᠦᠶ ᠪᠠᠶᠢᠵᠤ᠂ ᠠᠶᠠᠨᠴᠢᠳ | ᠤᠨ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ 54.91 ᠲᠦᠮᠡ ᠳᠤ ᠬᠦᠷᠴᠦ᠂ ᠲᠡᠷᠭᠡᠨ ᠴᠤᠪᠤᠷᠠᠯ ᠤᠨ ᠶᠡᠷᠦᠩᠬᠡᠶ | ᠬᠡᠮᠵᠢᠶ᠎ᠡ ᠶᠢᠨ 67.78% ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 25.19% | ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 18.37% ᠪᠠᠷ ᠨᠡᠮᠡᠭᠳᠡᠪᠡ᠃ ᠡᠭᠦᠨ | ᠳᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ | 54.26 ᠲᠦᠮᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 24.74% ᠪᠠᠷ | ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 20.36% ᠪᠠᠷ ᠨᠡᠮᠡᠭᠳᠡᠪᠡ᠃ 7 ᠰᠠᠭᠤᠳᠠᠯ | ᠠᠴᠠ ᠳᠡᠭᠡᠭᠰᠢᠬᠢ ᠠᠶᠠᠨᠴᠢᠳ ᠤᠨ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ 0.65 ᠲᠦᠮᠡ ᠳᠤ ᠬᠦᠷᠴᠦ᠂ | 2023 ᠣᠨ ᠤ ᠠᠳᠠᠯᠢ ᠬᠤᠭᠤᠴᠠᠭᠠᠨ ᠤ ᠬᠢ ᠠᠴᠠ 79.49% ᠪᠠᠷ ᠨᠡᠮᠡᠭᠳᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 50.07% ᠪᠠᠷ ᠪᠠᠭᠤᠷᠠᠪᠠ᠃ ᠠᠴᠢᠶᠠᠨ ᠤ ᠮᠠᠰᠢᠨ ᠲᠡᠷᠭᠡᠨ ᠤ ᠴᠤᠪᠤᠷᠠᠯ ᠤᠨ | ᠬᠡᠮᠵᠢᠶ᠎ᠡ 26.10 ᠲᠦᠮᠡ ᠳᠤ ᠬᠦᠷᠴᠦ᠂ ᠶᠡᠷᠦᠩᠬᠡᠶ ᠲᠡᠷᠭᠡᠨ ᠴᠤᠪᠤᠷᠠᠯ ᠤᠨ ᠬᠡᠮᠵᠢᠶ᠎ᠡ ᠶᠢᠨ 32.21% ᠶᠢ | ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 5.67% ᠪᠠᠷ ᠪᠠᠭᠤᠷᠠᠵᠤ᠂ 2019 ᠣᠨ ᠤ | ᠠᠳᠠᠯᠢ ᠬᠤᠭᠤᠴᠠᠭᠠᠨ ᠤ ᠬᠢ ᠠᠴᠠ 0.89% ᠪᠠᠷ ᠪᠠᠭᠤᠷᠠᠪᠠ᠃ ᠡᠭᠦᠨ ᠳᠤ᠂ ᠥᠪᠥᠷ ᠮᠣᠩᠭᠤᠯ ᠫᠠᠶᠢᠰᠠ ᠲᠠᠢ | ᠠᠴᠢᠶᠠᠨ ᠤ ᠮᠠᠰᠢᠨ ᠲᠡᠷᠭᠡ 10.30 ᠲᠦᠮᠡ ᠪᠠᠶᠢᠵᠤ᠂ 39.47% ᠶᠢ ᠡᠵᠡᠯᠡᠪᠡ︔ ᠬᠤᠭᠤᠰᠣᠨ ᠠᠴᠢᠶᠠᠨ ᠤ | ᠲᠡᠷᠭᠡ 9.46 ᠲᠦᠮᠡ ᠪᠠᠶᠢᠵᠤ᠂ 36.23% ᠶᠢ ᠡᠵᠡᠯᠡᠵᠦ ᠪᠠᠶᠢᠨ᠎ᠠ᠃ | ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠯᠲᠡ ᠶᠢᠨ ᠪᠠᠶᠢᠳᠠᠯ ᠠᠴᠠ ᠦᠵᠡᠪᠡᠯ᠂ ᠵᠢᠭᠤᠯᠴᠢᠯᠠᠯ ᠪᠠ | ᠲᠥᠪ ᠬᠤᠲᠠ᠂ ᠣᠶᠢᠷ᠎ᠠ ᠵᠠᠮ ᠢᠶᠠᠷ ᠶᠠᠪᠤᠵᠤ ᠰᠠᠭᠤᠬᠤ ᠨᠢ ᠲᠥᠪᠯᠡᠷᠡᠩᠭᠦᠶ ᠪᠠᠶᠢᠵᠤ᠂ ᠣᠷᠳᠣᠰ ᠬᠤᠲᠠ᠂ | ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ ᠵᠡᠷᠭᠡ 4 ᠠᠶᠢᠮᠠᠭ ᠬᠤᠲᠠ ᠶᠢᠨ ᠲᠡᠷᠭᠡᠨ ᠴᠤᠪᠤᠷᠠᠯ ᠤᠨ | ᠬᠡᠮᠵᠢᠶ᠎ᠡ ᠨᠢ ᠪᠥᠬᠦ ᠣᠷᠣᠨ ᠤ ᠲᠡᠷᠭᠡᠨ ᠴᠤᠪᠤᠷᠠᠯ ᠤᠨ ᠶᠡᠷᠦᠩᠬᠡᠶ ᠬᠡᠮᠵᠢᠶ᠎ᠡ ᠶᠢᠨ 66.95% ᠶᠢ ᠡᠵᠡᠯᠡᠪᠡ᠃ | ᠡᠭᠦᠨ ᠳᠤ᠂ ᠣᠷᠳᠣᠰ ᠬᠤᠲᠠ ᠬᠠᠮᠤᠭ ᠤᠨ ᠥᠨᠳᠥᠷ ᠪᠠᠶᠢᠵᠤ᠂ ᠡᠵᠡᠯᠡᠬᠦ ᠬᠠᠷᠢᠴᠠᠯ ᠨᠢ 29.72% ᠲᠤ ᠬᠦᠷᠴᠡᠶ᠃ | ᠪᠥᠬᠦ ᠣᠷᠣᠨ ᠳᠤ 14 ᠰᠦᠶᠳᠬᠡᠯ ᠬᠤᠷᠢᠶᠠᠬᠤ ᠥᠷᠲᠡᠭᠡ ᠶᠢᠨ ᠭᠠᠷᠴᠠ ᠶᠢᠨ ᠴᠤᠪᠤᠷᠠᠯ ᠤᠨ ᠬᠡᠮᠵᠢᠶ᠎ᠡ ᠨᠢ ᠲᠦᠮᠡ | ᠶᠢ ᠳᠠᠪᠠᠵᠤ᠂ ᠡᠭᠦᠨ ᠳᠤ ᠣᠷᠳᠣᠰ ᠬᠤᠲᠠ ᠶᠢᠨ ᠭᠤᠸᠠᠨ ᠨᠢᠶᠠᠨ ᠹᠠᠩ ᠤᠨ ᠭᠤᠤᠯ ᠱᠤᠭᠤᠮ ᠤᠨ ᠰᠦᠶᠳᠬᠡᠯ | ᠬᠤᠷᠢᠶᠠᠬᠤ ᠥᠷᠲᠡᠭᠡ ᠨᠢ ᠬᠠᠮᠤᠭ ᠤᠨ ᠥᠨᠳᠥᠷ ᠲᠤ ᠪᠠᠨ 1.4 ᠲᠦᠮᠡᠨ ᠰᠠᠤᠷᠢ ᠤᠳᠠᠭ᠎ᠠ ᠳᠤ ᠬᠦᠷᠴᠡᠶ᠃ | ᠪᠥᠬᠦ ᠣᠷᠣᠨ ᠤ ᠡᠩ ᠤᠨ ᠤᠯᠤᠰ ᠮᠤᠵᠢ ᠶᠢᠨ ᠵᠠᠮ ᠤᠨ ᠵᠠᠮ ᠬᠠᠷᠢᠯᠴᠠᠭᠠᠨ ᠤ ᠬᠡᠮᠵᠢᠶ᠎ᠡ ᠵᠢᠭᠠᠬᠠᠨ ᠨᠡᠮᠡᠭᠳᠡᠵᠦ᠂ | ᠠᠶᠠᠨᠴᠢᠳ ᠤᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠡᠮᠵᠢᠶ᠎ᠡ ᠬᠡᠯᠪᠡᠯᠵᠡᠨ ᠳᠡᠭᠡᠭᠰᠢᠯᠡᠵᠦ᠂ ᠠᠴᠢᠶᠠᠨ ᠤ | ᠮᠠᠰᠢᠨ ᠲᠡᠷᠭᠡ ᠢᠯᠡᠳᠲᠡ ᠪᠠᠭᠠᠰᠤᠨ᠂ ᠠᠮᠠᠷᠠᠯᠲᠠ ᠶᠢᠨ ᠡᠳᠦᠷ ᠤᠨ ᠳᠤᠮᠳᠠᠴᠢ ᠣᠭᠲᠣᠯᠤᠭᠠᠰᠤ ᠶᠢᠨ ᠵᠠᠮ | ᠬᠠᠷᠢᠯᠴᠠᠭᠠᠨ ᠤ ᠬᠡᠮᠵᠢᠶ᠎ᠡ 2911 ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 1.24% | ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ 80.11% ᠪᠣᠯᠲᠠᠯ᠎ᠠ ᠰᠡᠷᠭᠦᠪᠡ᠃ | ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠣᠷᠣᠨ ᠤ ᠵᠠᠮ ᠤᠨ ᠲᠣᠤᠷ ᠤᠨ ᠠᠵᠢᠯᠯᠠᠭᠠᠨ | ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠶᠡᠭᠡ ᠬᠡᠪᠴᠢᠶᠡᠲᠡᠢ᠂ ᠬᠤᠯᠠ ᠵᠠᠶ ᠶᠢᠨ | ᠲᠦᠭᠵᠢᠷᠡᠯ ᠭᠠᠷᠤᠭᠰᠠᠨ ᠥᠬᠡᠶ᠂ ᠠᠶᠦᠯᠭᠦᠢ ᠦᠶᠯᠡᠳᠪᠦᠷᠢᠯᠡᠯ ᠤᠨ ᠠᠳᠠᠯ ᠤᠨ ᠮᠡᠳᠡᠭᠦᠯᠦᠯᠲᠡ ᠶᠢ ᠭᠥᠯᠢᠶᠡᠨ | ᠠᠪᠤᠭᠰᠠᠨ ᠥᠬᠡᠶ᠃ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠷᠢᠳᠴᠢᠯᠠᠨ | ᠲᠥᠯᠥᠪᠵᠢᠭᠦᠯᠵᠦ᠂ ᠤᠷᠢᠳᠴᠢᠯᠠᠨ ᠪᠡᠯᠡᠳᠬᠡᠵᠦ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠠᠮᠠᠷᠠᠯᠲᠠ ᠶᠢᠨ | ᠬᠤᠭᠤᠴᠠᠭᠠᠨ ᠤ ᠲᠡᠭᠡᠭᠡᠪᠦᠷᠢ ᠶᠢᠨ ᠦᠶᠯᠡᠴᠢᠯᠡᠭᠡᠨ ᠤ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ | ᠨᠢᠭᠡ ᠳᠤ᠂ ᠴᠠᠭ ᠠᠭᠤᠷ ᠤᠨ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠮᠠᠰᠢᠨ᠂ ᠲᠥᠬᠦᠭᠡᠷᠦᠮᠵᠢ ᠶᠢᠨ ᠨᠥᠭᠡᠴᠡᠯᠡᠬᠦ | ᠡᠷᠴᠢᠮ ᠢ ᠴᠢᠩᠭᠠᠷᠠᠭᠤᠯᠵᠤ᠂ ᠴᠠᠰᠤ ᠮᠥᠰᠥ ᠶᠢ ᠴᠡᠪᠡᠷᠯᠡᠨ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠮᠠᠯ | ᠵᠠᠮ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠬᠡᠮ ᠰᠣᠭᠤᠭ ᠢ ᠲᠣᠭᠤᠷᠢᠨ ᠪᠠᠶᠢᠴᠠᠭᠠᠵᠤ ᠵᠢᠭᠰᠠᠭᠠᠨ | ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠡᠷᠭᠡ ᠶᠠᠪᠤᠬᠤ ᠠᠮᠤᠷ ᠲᠦᠪᠰᠢᠨ ᠢ ᠨᠥᠯᠥᠭᠡᠯᠡᠵᠦ ᠪᠠᠶᠢᠭ᠎ᠠ | ᠵᠠᠮ ᠤᠨ ᠭᠠᠳᠠᠷᠭᠤ ᠶᠢᠨ ᠭᠡᠮ ᠢ ᠴᠠᠭ ᠲᠤᠬᠠᠶ ᠳᠤ ᠨᠢ ᠰᠢᠶᠳᠪᠦᠷᠢᠯᠡᠵᠦ᠂ ᠠᠮᠠᠷᠬᠠᠨ ᠮᠦᠰᠦ ᠬᠥᠯᠳᠡᠬᠦ ᠵᠠᠮ ᠤᠨ | ᠬᠡᠰᠡᠭ ᠲᠤ ᠬᠠᠯᠲᠤᠷᠢᠬᠤ ᠠᠴᠠ ᠰᠡᠷᠭᠡᠶᠢᠯᠡᠬᠦ ᠮᠠᠲ᠋ᠧᠷᠢᠶᠠᠯ᠂ ᠴᠠᠰᠤ ᠬᠠᠶᠢᠯᠠᠭᠤᠯᠬᠤ ᠡᠳ᠋ ᠳᠡᠪᠢᠰᠴᠦ᠂ ᠵᠠᠮ ᠨᠡᠪᠲᠡᠷᠡᠬᠦ | ᠠᠮᠤᠷ ᠲᠦᠪᠰᠢᠨ ᠢ ᠦᠨᠡᠨ ᠬᠦ ᠪᠠᠲᠤᠯᠠᠪᠠ᠃ ᠬᠤᠶᠠᠷ ᠲᠤ᠂ ᠠᠶᠠᠨᠴᠢᠳ ᠤᠨ ᠴᠤᠪᠤᠷᠠᠯ ᠢ ᠤᠷᠢᠳᠴᠢᠯᠠᠨ | ᠰᠤᠳᠤᠯᠤᠨ ᠮᠠᠭᠠᠳᠯᠠᠵᠤ᠂ ᠲᠡᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠡᠷᠭᠡ | ᠬᠥᠳᠡᠯᠬᠦ ᠴᠠᠭ ᠢ ᠤᠷᠲᠤᠳᠬᠠᠵᠤ᠂ ᠲᠡᠷᠭᠡ ᠬᠥᠳᠡᠯᠬᠦ ᠤᠳᠠᠭ᠎ᠠ ᠶᠢ ᠨᠢᠭᠲᠠᠷᠠᠭᠤᠯᠵᠤ᠂ ᠤᠷᠢᠳᠴᠢᠯᠠᠨ ᠪᠣᠯᠵᠣᠬᠤ | ᠦᠶᠯᠡᠴᠢᠯᠡᠭᠡ ᠶᠢ ᠨᠡᠮᠡᠭᠳᠡᠭᠦᠯᠦᠨ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢ ᠵᠠᠪᠰᠠᠷ ᠥᠬᠡᠶ | ᠵᠣᠯᠭᠠᠭᠤᠯᠵᠤ᠂ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾ ᠢ ᠰᠠᠭᠠᠳ ᠥᠬᠡᠶ ᠨᠡᠪᠲᠡᠷᠡᠭᠦᠯᠦᠨ᠂ ᠴᠠᠭ | ᠠᠭᠤᠷ ᠤᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠠᠷᠠᠳ ᠣᠯᠠᠨ ᠳᠤ | ᠳᠥᠭᠦᠮ ᠳᠥᠲᠡ ᠠᠮᠤᠷ ᠲᠦᠪᠰᠢᠨ ᠶᠠᠪᠤᠵᠤ ᠰᠠᠭᠤᠬᠤ ᠦᠶᠯᠡᠴᠢᠯᠡᠭᠡ ᠬᠠᠩᠭᠠᠪᠠ᠃ ᠭᠤᠷᠪᠠ ᠳᠤ᠂ ᠲᠦᠭᠵᠢᠷᠡᠬᠦ ᠶᠢ | ᠨᠡᠪᠲᠡᠷᠡᠭᠦᠯᠬᠦ ᠶᠢ ᠪᠠᠲᠤᠯᠠᠬᠤ ᠡᠳᠦᠷ ᠲᠤᠲᠤᠮ ᠤᠨ ᠲᠣᠬᠢᠷᠠᠭᠤᠯᠤᠯᠲᠠ᠂ ᠵᠠᠮ ᠤᠨ ᠲᠣᠤᠷ ᠤᠨ ᠠᠵᠢᠯᠯᠠᠭᠠᠨ ᠢ | ᠬᠥᠳᠡᠯᠦᠩᠭᠦᠶ ᠪᠠᠷ ᠬᠢᠨᠠᠨ ᠬᠡᠮᠵᠢᠵᠦ ᠶᠢ ᠦᠷᠨᠢᠭᠦᠯᠵᠦ᠂ ᠰᠦᠶᠳᠬᠡᠯ ᠬᠤᠷᠢᠶᠠᠬᠤ ᠥᠷᠲᠡᠭᠡ ᠶᠢᠨ ᠲᠤᠬᠠᠶ ᠶᠢᠨ | ᠲᠠᠯᠠᠪᠠᠶ ᠶᠢᠨ ᠦᠶᠯᠡᠴᠢᠯᠡᠭᠡ ᠪᠠ ᠵᠠᠮ ᠨᠡᠪᠲᠡᠷᠡᠬᠦ ᠵᠢᠯᠣᠭᠤᠳᠤᠮᠵᠢ ᠶᠢ ᠴᠢᠩᠭᠠᠳᠬᠠᠵᠤ᠂ ᠪᠥᠬᠦ ᠣᠷᠣᠨ ᠤ ᠵᠠᠮ ᠤᠨ | ᠲᠣᠤᠷ ᠤᠨ ᠶᠡᠷᠦᠩᠬᠡᠶ ᠳᠤ ᠪᠠᠨ ᠰᠠᠭᠠᠳ ᠥᠬᠡᠶ ᠨᠡᠪᠲᠡᠷᠡᠬᠦ ᠶᠢ ᠬᠦᠴᠦᠲᠡᠶ ᠪᠠᠲᠤᠯᠠᠪᠠ᠃ ᠳᠥᠷᠪᠡ ᠳᠤ᠂ ᠪᠠᠷᠠᠭᠠᠨ ᠤ | ᠭᠦᠶᠯᠭᠡᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠶᠯᠡᠳᠦᠯ ᠢ ᠭᠦᠶᠴᠡᠳ | ᠪᠠᠳᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ᠂ | ᠲᠠᠷᠢᠶᠠᠯᠠᠩ ᠤᠨ ᠦᠶᠯᠡᠳᠪᠦᠷᠢᠯᠡᠯ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢ | ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠭᠦᠯᠬᠦ ᠶᠢ ᠪᠦᠲᠦᠮᠵᠢᠲᠡᠶ ᠪᠠᠲᠤᠯᠠᠪᠠ᠃ ᠲᠠᠪᠤ ᠳᠤ᠂ ᠶᠠᠪᠤᠵᠤ | ᠰᠠᠭᠤᠬᠤ ᠮᠡᠳᠡᠭᠡ ᠵᠠᠩᠭᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠤᠨ ᠪᠠᠶᠢᠳᠠᠯ ᠤᠨ ᠮᠡᠳᠡᠭᠡ | ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠤᠯᠠᠨ ᠨᠡᠶᠢᠲᠡ ᠶᠢᠨ ᠵᠦᠢ ᠵᠣᠬᠢᠰᠲᠠᠢ᠂ ᠤᠷᠬᠢᠯ ᠤᠨ ᠬᠤᠭᠤᠴᠠᠭ᠎ᠠ | ᠶᠢ ᠵᠥᠷᠢᠭᠦᠯᠦᠨ ᠶᠠᠪᠤᠵᠤ ᠰᠠᠭᠤᠬᠤ ᠶᠢ ᠬᠦᠳᠦᠯᠦᠨ ᠵᠢᠯᠣᠭᠤᠳᠤᠨ᠎ᠠ᠃ 12328᠂ 12345 ᠵᠡᠷᠭᠡ | ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠰᠠᠭᠤᠨ ᠯᠠᠪᠯᠠᠬᠤ᠂ ᠵᠠᠭᠠᠯᠳᠤᠯᠭ᠎ᠠ ᠵᠡᠷᠭᠡ ᠠᠵᠢᠯ ᠢ ᠢᠳᠡᠪᠬᠢᠲᠡᠶ | ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ | ᠥᠭᠴᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠪᠠᠲᠤᠯᠠᠪᠠ᠃ |