ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠵᠠᠰᠠᠮᠠᠯ ᠵᠠᠮ ᠤᠨ ᠲᠣᠣᠷ ᠤᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ
ᠨᠡᠶᠢᠲᠡᠯᠡᠭᠰᠡᠨ ᠴᠠᠭ᠄
2024/1/3
W020240103366944370816.jpg
     ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ 2023 ᠣᠨ ᠤ 12 ᠳ᠋ᠤᠭᠠᠷ ᠰᠠᠷ᠎ᠠ ᠶᠢᠨ 30 ᠤ ᠡᠳᠦᠷ  ᠠᠴᠠ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠣᠯᠠᠨ ᠲᠦᠮᠡᠨ ᠤ ᠶᠠᠪᠤᠵᠤ ᠰᠠᠭᠤᠬᠤ ᠬᠦᠰᠡᠯ ᠰᠠᠨᠠᠭ᠎ᠠ ᠢᠯᠡᠳᠲᠡ ᠳᠡᠭᠡᠭᠰᠢᠯᠡᠵᠦ᠂ ᠣᠶᠢᠷ᠎ᠠ ᠵᠠᠮ ᠤᠨ ᠵᠢᠭᠤᠯᠴᠢᠯᠠᠯ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠢᠭᠤᠯᠴᠢᠯᠠᠯ ᠳᠠᠪᠬᠤᠴᠠᠵᠤ᠂ 3 ᠡᠳᠦᠷ ᠲᠤ ᠨᠡᠶᠢᠲᠡ ᠲᠡᠷᠭᠡᠨ ᠴᠣᠪᠣᠷᠠᠯ ᠤᠨ ᠶᠡᠷᠦᠩᠬᠡᠢ ᠬᠡᠮᠵᠢᠶ᠎ᠡ 81.01 ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ︵ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ᠂ ᠳᠣᠷᠣᠭᠰᠢ ᠠᠳᠠᠯᠢ︶ ᠠᠴᠠ 13.25% ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 11.39% ᠳᠡᠭᠡᠭᠰᠢᠯᠡᠵᠦ᠂  ᠲᠡᠷᠭᠡᠨ ᠴᠣᠪᠣᠷᠠᠯ ᠤᠨ ᠣᠷᠭᠢᠯ ᠬᠤᠭᠤᠴᠠᠭ᠎ᠠ ᠨᠢ 1 ᠳ᠋ᠦ᠋ᠭᠡᠷ ᠰᠠᠷ᠎ᠠ ᠶᠢᠨ 1 ᠤ ᠡᠳᠦᠷ 39.96 ᠲᠦᠮᠡ ᠪᠠᠶᠢᠵᠤ᠂ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠵᠠᠰᠠᠮᠠᠯ ᠵᠠᠮ ᠤᠨ ᠲᠣᠤᠷ ᠤᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃     ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠠᠪᠤᠵᠤ ᠰᠠᠭᠤᠬᠤ ᠬᠡᠷᠡᠭᠴᠡᠭᠡ ᠶᠡᠭᠡ ᠪᠠᠶᠢᠵᠤ᠂ ᠥᠪᠡᠷ ᠢᠶᠠᠨ ᠲᠡᠷᠭᠡ ᠵᠢᠯᠣᠭᠤᠳᠴᠤ ᠶᠠᠪᠤᠵᠤ ᠰᠠᠭᠤᠬᠤ ᠵᠢᠵᠢᠭ ᠮᠠᠰᠢᠨ ᠲᠡᠷᠭᠡ ᠲᠥᠪᠯᠡᠷᠡᠩᠭᠦᠶ ᠪᠠᠶᠢᠵᠤ᠂ ᠠᠶᠠᠨᠴᠢᠳ  ᠤᠨ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ 54.91 ᠲᠦᠮᠡ ᠳᠤ ᠬᠦᠷᠴᠦ᠂ ᠲᠡᠷᠭᠡᠨ ᠴᠤᠪᠤᠷᠠᠯ ᠤᠨ ᠶᠡᠷᠦᠩᠬᠡᠶ ᠬᠡᠮᠵᠢᠶ᠎ᠡ ᠶᠢᠨ 67.78% ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 25.19%  ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 18.37% ᠪᠠᠷ ᠨᠡᠮᠡᠭᠳᠡᠪᠡ᠃ ᠡᠭᠦᠨ  ᠳᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ          54.26 ᠲᠦᠮᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 24.74% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 20.36% ᠪᠠᠷ ᠨᠡᠮᠡᠭᠳᠡᠪᠡ᠃ 7 ᠰᠠᠭᠤᠳᠠᠯ  ᠠᠴᠠ ᠳᠡᠭᠡᠭᠰᠢᠬᠢ ᠠᠶᠠᠨᠴᠢᠳ ᠤᠨ ᠮᠠᠰᠢᠨ ᠲᠡᠷᠭᠡᠨ ᠤ ᠴᠣᠪᠣᠷᠠᠯ ᠤᠨ ᠬᠡᠮᠵᠢᠶ᠎ᠡ 0.65 ᠲᠦᠮᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 79.49% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 50.07% ᠪᠠᠷ ᠪᠠᠭᠤᠷᠠᠪᠠ᠃ ᠠᠴᠢᠶᠠᠨ ᠤ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ 26.10 ᠲᠦᠮᠡ ᠳᠤ ᠬᠦᠷᠴᠦ᠂ ᠶᠡᠷᠦᠩᠬᠡᠶ ᠲᠡᠷᠭᠡᠨ ᠴᠤᠪᠤᠷᠠᠯ ᠤᠨ ᠬᠡᠮᠵᠢᠶ᠎ᠡ ᠶᠢᠨ 32.21% ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 5.67% ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ 0.89% ᠪᠠᠷ ᠪᠠᠭᠤᠷᠠᠪᠠ᠃ ᠡᠭᠦᠨ ᠳᠤ᠂ ᠥᠪᠥᠷ ᠮᠣᠩᠭᠤᠯ ᠫᠠᠶᠢᠰᠠ ᠲᠠᠢ ᠠᠴᠢᠶᠠᠨ ᠤ ᠮᠠᠰᠢᠨ ᠲᠡᠷᠭᠡ 10.30 ᠲᠦᠮᠡ ᠪᠠᠶᠢᠵᠤ᠂ 39.47% ᠶᠢ ᠡᠵᠡᠯᠡᠪᠡ︔ ᠬᠤᠭᠤᠰᠣᠨ ᠠᠴᠢᠶᠠᠨ ᠤ ᠲᠡᠷᠭᠡ 9.46 ᠲᠦᠮᠡ ᠪᠠᠶᠢᠵᠤ᠂ 36.23% ᠶᠢ ᠡᠵᠡᠯᠡᠵᠦ ᠪᠠᠶᠢᠨ᠎ᠠ᠃     ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠯᠲᠡ ᠶᠢᠨ ᠪᠠᠶᠢᠳᠠᠯ ᠠᠴᠠ ᠦᠵᠡᠪᠡᠯ᠂ ᠵᠢᠭᠤᠯᠴᠢᠯᠠᠯ ᠪᠠ ᠲᠥᠪ ᠬᠤᠲᠠ᠂ ᠣᠶᠢᠷ᠎ᠠ ᠵᠠᠮ ᠢᠶᠠᠷ ᠶᠠᠪᠤᠵᠤ ᠰᠠᠭᠤᠬᠤ ᠨᠢ ᠲᠥᠪᠯᠡᠷᠡᠩᠭᠦᠶ ᠪᠠᠶᠢᠵᠤ᠂ ᠣᠷᠳᠣᠰ ᠬᠤᠲᠠ᠂ ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ ᠵᠡᠷᠭᠡ 4 ᠠᠶᠢᠮᠠᠭ ᠬᠤᠲᠠ ᠶᠢᠨ ᠲᠡᠷᠭᠡᠨ ᠴᠤᠪᠤᠷᠠᠯ ᠤᠨ ᠬᠡᠮᠵᠢᠶ᠎ᠡ ᠨᠢ ᠪᠥᠬᠦ ᠣᠷᠣᠨ ᠤ ᠲᠡᠷᠭᠡᠨ ᠴᠤᠪᠤᠷᠠᠯ ᠤᠨ ᠶᠡᠷᠦᠩᠬᠡᠶ ᠬᠡᠮᠵᠢᠶ᠎ᠡ ᠶᠢᠨ 66.95% ᠶᠢ ᠡᠵᠡᠯᠡᠪᠡ᠃ ᠡᠭᠦᠨ ᠳᠤ᠂ ᠣᠷᠳᠣᠰ ᠬᠤᠲᠠ ᠬᠠᠮᠤᠭ ᠤᠨ ᠥᠨᠳᠥᠷ ᠪᠠᠶᠢᠵᠤ᠂ ᠡᠵᠡᠯᠡᠬᠦ ᠬᠠᠷᠢᠴᠠᠯ ᠨᠢ 29.72% ᠲᠤ ᠬᠦᠷᠴᠡᠶ᠃ ᠪᠥᠬᠦ ᠣᠷᠣᠨ ᠳᠤ 14 ᠰᠦᠶᠳᠬᠡᠯ ᠬᠤᠷᠢᠶᠠᠬᠤ ᠥᠷᠲᠡᠭᠡ ᠶᠢᠨ ᠭᠠᠷᠴᠠ ᠶᠢᠨ ᠴᠤᠪᠤᠷᠠᠯ ᠤᠨ ᠬᠡᠮᠵᠢᠶ᠎ᠡ ᠨᠢ ᠲᠦᠮᠡ  ᠶᠢ ᠳᠠᠪᠠᠵᠤ᠂ ᠡᠭᠦᠨ ᠳᠤ ᠣᠷᠳᠣᠰ ᠬᠤᠲᠠ ᠶᠢᠨ ᠭᠤᠸᠠᠨ ᠨᠢᠶᠠᠨ ᠹᠠᠩ ᠤᠨ ᠭᠤᠤᠯ ᠱᠤᠭᠤᠮ ᠤᠨ ᠰᠦᠶᠳᠬᠡᠯ ᠬᠤᠷᠢᠶᠠᠬᠤ ᠥᠷᠲᠡᠭᠡ ᠨᠢ ᠬᠠᠮᠤᠭ ᠤᠨ ᠥᠨᠳᠥᠷ ᠲᠤ ᠪᠠᠨ 1.4 ᠲᠦᠮᠡᠨ ᠰᠠᠤᠷᠢ ᠤᠳᠠᠭ᠎ᠠ ᠳᠤ ᠬᠦᠷᠴᠡᠶ᠃      ᠪᠥᠬᠦ ᠣᠷᠣᠨ ᠤ ᠡᠩ ᠤᠨ ᠤᠯᠤᠰ ᠮᠤᠵᠢ ᠶᠢᠨ ᠵᠠᠮ ᠤᠨ ᠵᠠᠮ ᠬᠠᠷᠢᠯᠴᠠᠭᠠᠨ ᠤ ᠬᠡᠮᠵᠢᠶ᠎ᠡ ᠵᠢᠭᠠᠬᠠᠨ ᠨᠡᠮᠡᠭᠳᠡᠵᠦ᠂ ᠠᠶᠠᠨᠴᠢᠳ ᠤᠨ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠡᠮᠵᠢᠶ᠎ᠡ ᠬᠡᠯᠪᠡᠯᠵᠡᠨ ᠳᠡᠭᠡᠭᠰᠢᠯᠡᠵᠦ᠂ ᠠᠴᠢᠶᠠᠨ ᠤ ᠮᠠᠰᠢᠨ ᠲᠡᠷᠭᠡ ᠢᠯᠡᠳᠲᠡ ᠪᠠᠭᠠᠰᠤᠨ᠂ ᠠᠮᠠᠷᠠᠯᠲᠠ ᠶᠢᠨ ᠡᠳᠦᠷ ᠤᠨ ᠳᠤᠮᠳᠠᠴᠢ ᠣᠭᠲᠣᠯᠤᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ 2911 ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 1.24% ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ 80.11% ᠪᠣᠯᠲᠠᠯ᠎ᠠ ᠰᠡᠷᠭᠦᠪᠡ᠃     ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠣᠷᠣᠨ ᠤ ᠵᠠᠮ ᠤᠨ ᠲᠣᠤᠷ ᠤᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠶᠡᠭᠡ ᠬᠡᠪᠴᠢᠶᠡᠲᠡᠢ᠂ ᠬᠤᠯᠠ ᠵᠠᠶ ᠶᠢᠨ ᠲᠦᠭᠵᠢᠷᠡᠯ ᠭᠠᠷᠤᠭᠰᠠᠨ ᠥᠬᠡᠶ᠂ ᠠᠶᠦᠯᠭᠦᠢ ᠦᠶᠯᠡᠳᠪᠦᠷᠢᠯᠡᠯ ᠤᠨ ᠠᠳᠠᠯ ᠤᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠥᠬᠡᠶ᠃ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠪᠡᠯᠡᠳᠬᠡᠵᠦ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠠᠮᠠᠷᠠᠯᠲᠠ ᠶᠢᠨ ᠬᠤᠭᠤᠴᠠᠭᠠᠨ ᠤ ᠲᠡᠭᠡᠭᠡᠪᠦᠷᠢ ᠶᠢᠨ ᠦᠶᠯᠡᠴᠢᠯᠡᠭᠡᠨ ᠤ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠨᠢᠭᠡ ᠳᠤ᠂ ᠴᠠᠭ ᠠᠭᠤᠷ ᠤᠨ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠮᠠᠰᠢᠨ᠂ ᠲᠥᠬᠦᠭᠡᠷᠦᠮᠵᠢ ᠶᠢᠨ ᠨᠥᠭᠡᠴᠡᠯᠡᠬᠦ ᠡᠷᠴᠢᠮ ᠢ ᠴᠢᠩᠭᠠᠷᠠᠭᠤᠯᠵᠤ᠂ ᠴᠠᠰᠤ ᠮᠥᠰᠥ ᠶᠢ ᠴᠡᠪᠡᠷᠯᠡᠨ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠮᠠᠯ ᠵᠠᠮ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠬᠡᠮ ᠰᠣᠭᠤᠭ ᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠡᠷᠭᠡ ᠶᠠᠪᠤᠬᠤ ᠠᠮᠤᠷ ᠲᠦᠪᠰᠢᠨ ᠢ ᠨᠥᠯᠥᠭᠡᠯᠡᠵᠦ ᠪᠠᠶᠢᠭ᠎ᠠ ᠵᠠᠮ ᠤᠨ ᠭᠠᠳᠠᠷᠭᠤ ᠶᠢᠨ ᠭᠡᠮ ᠢ ᠴᠠᠭ ᠲᠤᠬᠠᠶ ᠳᠤ ᠨᠢ ᠰᠢᠶᠳᠪᠦᠷᠢᠯᠡᠵᠦ᠂ ᠠᠮᠠᠷᠬᠠᠨ ᠮᠦᠰᠦ ᠬᠥᠯᠳᠡᠬᠦ ᠵᠠᠮ ᠤᠨ ᠬᠡᠰᠡᠭ ᠲᠤ ᠬᠠᠯᠲᠤᠷᠢᠬᠤ ᠠᠴᠠ ᠰᠡᠷᠭᠡᠶᠢᠯᠡᠬᠦ ᠮᠠᠲ᠋ᠧᠷᠢᠶᠠᠯ᠂ ᠴᠠᠰᠤ ᠬᠠᠶᠢᠯᠠᠭᠤᠯᠬᠤ ᠡᠳ᠋ ᠳᠡᠪᠢᠰᠴᠦ᠂ ᠵᠠᠮ ᠨᠡᠪᠲᠡᠷᠡᠬᠦ ᠠᠮᠤᠷ ᠲᠦᠪᠰᠢᠨ ᠢ ᠦᠨᠡᠨ ᠬᠦ ᠪᠠᠲᠤᠯᠠᠪᠠ᠃ ᠬᠤᠶᠠᠷ ᠲᠤ᠂ ᠠᠶᠠᠨᠴᠢᠳ ᠤᠨ ᠴᠤᠪᠤᠷᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠲᠡᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠡᠷᠭᠡ ᠬᠥᠳᠡᠯᠬᠦ ᠴᠠᠭ ᠢ ᠤᠷᠲᠤᠳᠬᠠᠵᠤ᠂ ᠲᠡᠷᠭᠡ ᠬᠥᠳᠡᠯᠬᠦ ᠤᠳᠠᠭ᠎ᠠ ᠶᠢ ᠨᠢᠭᠲᠠᠷᠠᠭᠤᠯᠵᠤ᠂ ᠤᠷᠢᠳᠴᠢᠯᠠᠨ ᠪᠣᠯᠵᠣᠬᠤ ᠦᠶᠯᠡᠴᠢᠯᠡᠭᠡ ᠶᠢ ᠨᠡᠮᠡᠭᠳᠡᠭᠦᠯᠦᠨ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢ ᠵᠠᠪᠰᠠᠷ ᠥᠬᠡᠶ ᠵᠣᠯᠭᠠᠭᠤᠯᠵᠤ᠂ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾ ᠢ ᠰᠠᠭᠠᠳ ᠥᠬᠡᠶ ᠨᠡᠪᠲᠡᠷᠡᠭᠦᠯᠦᠨ᠂ ᠴᠠᠭ ᠠᠭᠤᠷ ᠤᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠠᠷᠠᠳ ᠣᠯᠠᠨ ᠳᠤ ᠳᠥᠭᠦᠮ ᠳᠥᠲᠡ ᠠᠮᠤᠷ ᠲᠦᠪᠰᠢᠨ ᠶᠠᠪᠤᠵᠤ ᠰᠠᠭᠤᠬᠤ ᠦᠶᠯᠡᠴᠢᠯᠡᠭᠡ ᠬᠠᠩᠭᠠᠪᠠ᠃ ᠭᠤᠷᠪᠠ ᠳᠤ᠂ ᠲᠦᠭᠵᠢᠷᠡᠬᠦ ᠶᠢ ᠨᠡᠪᠲᠡᠷᠡᠭᠦᠯᠬᠦ ᠶᠢ ᠪᠠᠲᠤᠯᠠᠬᠤ ᠡᠳᠦᠷ ᠲᠤᠲᠤᠮ ᠤᠨ ᠲᠣᠬᠢᠷᠠᠭᠤᠯᠤᠯᠲᠠ᠂ ᠵᠠᠮ ᠤᠨ ᠲᠣᠤᠷ ᠤᠨ ᠠᠵᠢᠯᠯᠠᠭᠠᠨ ᠢ ᠬᠥᠳᠡᠯᠦᠩᠭᠦᠶ ᠪᠠᠷ ᠬᠢᠨᠠᠨ ᠬᠡᠮᠵᠢᠵᠦ ᠶᠢ ᠦᠷᠨᠢᠭᠦᠯᠵᠦ᠂ ᠰᠦᠶᠳᠬᠡᠯ ᠬᠤᠷᠢᠶᠠᠬᠤ ᠥᠷᠲᠡᠭᠡ ᠶᠢᠨ ᠲᠤᠬᠠᠶ ᠶᠢᠨ ᠲᠠᠯᠠᠪᠠᠶ ᠶᠢᠨ ᠦᠶᠯᠡᠴᠢᠯᠡᠭᠡ ᠪᠠ ᠵᠠᠮ ᠨᠡᠪᠲᠡᠷᠡᠬᠦ ᠵᠢᠯᠣᠭᠤᠳᠤᠮᠵᠢ ᠶᠢ ᠴᠢᠩᠭᠠᠳᠬᠠᠵᠤ᠂ ᠪᠥᠬᠦ ᠣᠷᠣᠨ ᠤ ᠵᠠᠮ ᠤᠨ ᠲᠣᠤᠷ ᠤᠨ ᠶᠡᠷᠦᠩᠬᠡᠶ ᠳᠤ ᠪᠠᠨ ᠰᠠᠭᠠᠳ ᠥᠬᠡᠶ ᠨᠡᠪᠲᠡᠷᠡᠬᠦ ᠶᠢ ᠬᠦᠴᠦᠲᠡᠶ ᠪᠠᠲᠤᠯᠠᠪᠠ᠃ ᠳᠥᠷᠪᠡ ᠳᠤ᠂ ᠪᠠᠷᠠᠭᠠᠨ ᠤ ᠭᠦᠶᠯᠭᠡᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ᠂ ᠲᠠᠷᠢᠶᠠᠯᠠᠩ ᠤᠨ ᠦᠶᠯᠡᠳᠪᠦᠷᠢᠯᠡᠯ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠭᠦᠯᠬᠦ ᠶᠢ ᠪᠦᠲᠦᠮᠵᠢᠲᠡᠶ ᠪᠠᠲᠤᠯᠠᠪᠠ᠃ ᠲᠠᠪᠤ ᠳᠤ᠂ ᠶᠠᠪᠤᠵᠤ ᠰᠠᠭᠤᠬᠤ ᠮᠡᠳᠡᠭᠡ ᠵᠠᠩᠭᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠤᠯᠠᠨ ᠨᠡᠶᠢᠲᠡ ᠶᠢᠨ ᠵᠦᠢ ᠵᠣᠬᠢᠰᠲᠠᠢ᠂ ᠤᠷᠬᠢᠯ ᠤᠨ ᠬᠤᠭᠤᠴᠠᠭ᠎ᠠ  ᠶᠢ ᠵᠥᠷᠢᠭᠦᠯᠦᠨ ᠶᠠᠪᠤᠵᠤ ᠰᠠᠭᠤᠬᠤ ᠶᠢ ᠬᠦᠳᠦᠯᠦᠨ ᠵᠢᠯᠣᠭᠤᠳᠤᠨ᠎ᠠ᠃ 12328᠂ 12345 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠰᠠᠭᠤᠨ ᠯᠠᠪᠯᠠᠬᠤ᠂ ᠵᠠᠭᠠᠯᠳᠤᠯᠭ᠎ᠠ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号