ᠮᠠᠰᠢᠨᠲᠤ ᠲᠡᠷᠭᠡ ᠶᠢᠨ ᠰᠡᠯᠪᠢᠨ ᠵᠠᠰᠠᠯᠲᠠ᠄ ᠮᠠᠰᠢᠨᠲᠤ ᠲᠡᠷᠭᠡ ᠰᠡᠯᠪᠢᠨ ᠵᠠᠰᠠᠵᠤ ᠡᠵᠡᠩᠨᠡᠬᠦ ᠵᠥᠪᠰᠢᠶᠡᠷᠡᠯ ᠎ ᠢ ᠳᠠᠩᠰᠠᠯᠠᠭᠤᠯᠬᠤ ᠪᠣᠯᠭᠠᠨ ᠬᠤᠪᠢᠷᠠᠭᠤᠯᠪᠠᠯ᠂ ᠳᠠᠩᠰᠠᠯᠠᠭᠤᠯᠬᠤ ᠶᠢ ᠬᠢᠨᠠᠨ ᠪᠠᠶᠢᠴᠠᠭᠠᠬᠤ ᠳᠤ ᠵᠥᠪᠬᠡᠨ ᠭᠤᠶᠤᠴᠢᠯᠠᠬᠤ ᠮᠠᠲ᠋ᠧᠷᠢᠶᠠᠯ ᠤᠨ ᠬᠡᠯᠪᠡᠷᠢ ᠶᠢ ᠬᠢᠨᠠᠨ ᠪᠠᠶᠢᠴᠠᠭᠠᠬᠤ ᠶᠤᠮ ᠦᠦ᠂ ᠡᠰᠡᠬᠦᠯ᠎ᠡ ᠲᠤᠬᠠᠶ ᠶᠢᠨ ᠲᠠᠯᠠᠪᠠᠢ ᠳᠤ ᠮᠥᠨ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠤᠮ ᠦᠦ︖
ᠨᠡᠶᠢᠲᠡᠯᠡᠭᠰᠡᠨ ᠴᠠᠭ᠄
2024/10/12
      ︽ᠮᠠᠰᠢᠨᠲᠤ ᠲᠡᠷᠭᠡ ᠰᠡᠯᠪᠢᠨ ᠵᠠᠰᠠᠬᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠶᠠᠮᠤᠨ ᠤ ᠵᠠᠷᠯᠢᠭ 2019 ᠣᠨ ᠤ 20 ᠳ᠋ᠤᠭᠠᠷ ᠲᠣᠭᠠᠲᠤ︶᠎ ᠳᠠᠬᠢ ︽ᠠᠷᠪᠠᠨ ᠳᠣᠯᠣᠳᠤᠭᠠᠷ ᠵᠦᠶᠯ ᠤᠨ ᠲᠣᠭᠲᠠᠭᠠᠯ᠄︾᠎ ᠳᠤ ︽ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠠᠩᠰᠠᠯᠠᠭᠤᠯᠬᠤ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠮᠠᠲ᠋ᠧᠷᠢᠶᠠᠯ ᠨᠢ ᠪᠦᠷᠢᠨ ᠭᠦᠶᠴᠡᠳ ᠪᠥᠭᠡᠳ ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠣᠯ ᠳᠠᠩᠰᠠᠯᠠᠭᠤᠯᠬᠤ ᠶᠢᠨ ᠬᠠᠮᠲᠤ᠂ ᠳ᠋ᠤᠭᠠᠷᠯᠠᠨ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ︔ ᠮᠠᠲ᠋ᠧᠷᠢᠶᠠᠯ ᠨᠢ ᠪᠦᠷᠢᠨ ᠪᠤᠰᠤ ᠪᠤᠶᠤ ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠲᠤᠬᠠᠢ ᠶᠢᠨ ᠲᠠᠯᠠᠪᠠᠢ ᠳᠤ ᠪᠣᠶᠤ ᠳᠠᠩᠰᠠᠯᠠᠭᠤᠯᠬᠤ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠳᠠᠩᠰᠠᠯᠠᠭᠤᠯᠤᠭᠰᠠᠨ ᠬᠥᠮᠦᠨ ᠳᠤ ᠨᠥᠬᠦᠪᠥᠷᠢᠯᠡᠬᠦ ᠴᠢᠬᠤᠯᠠᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠤ ᠪᠢᠴᠢᠭ ᠎ ᠢᠶᠠᠷ ᠮᠡᠳᠡᠭᠳᠡᠬᠦ ᠬᠡᠷᠡᠭᠲᠡᠢ᠃︾ ᠭᠡᠵᠦ ᠱᠠᠭᠠᠷᠳᠠᠪᠠ︔ ︽ᠳᠥᠴᠢᠨ ᠲᠠᠪᠤᠳᠤᠭᠠᠷ ᠵᠦᠶᠯ︾᠎ ᠳᠤ ︽ᠵᠠᠮ ᠲᠡᠭᠡᠭᠡᠪᠦᠷᠢ ᠎ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠡᠯᠪᠢᠨ ᠵᠠᠰᠠᠬᠤ ᠡᠵᠡᠩᠨᠡᠭᠴᠢ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ᠂ ᠰᠡᠯᠪᠢᠨ ᠵᠠᠰᠠᠬᠤ ᠡᠵᠡᠩᠨᠡᠭᠴᠢ ᠶᠢᠨ ᠬᠠᠤᠯᠢ ᠶᠣᠰᠣᠭᠠᠷ ᠳᠠᠩᠰᠠᠯᠠᠭᠤᠯᠤᠭᠰᠠᠨ ᠡᠰᠡᠬᠦ ᠪᠤᠶᠤ ᠳᠠᠩᠰᠠᠯᠠᠭᠤᠯᠤᠭᠰᠠᠨ ᠵᠦᠶᠯ ᠨᠢ ᠦᠨᠡᠨ ᠪᠣᠳᠠᠲᠠᠶ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ ᠭᠡᠵᠦ ᠱᠠᠭᠠᠷᠳᠠᠪᠠ᠃      ᠳᠡᠭᠡᠷ᠎ᠡ ᠳᠤᠷᠠᠳᠤᠭᠰᠠᠨ ᠲᠣᠭᠲᠠᠭᠠᠯ ᠢ ᠦᠨᠳᠦᠰᠦᠯᠡᠪᠡᠯ᠂ ᠳᠠᠩᠰᠠᠯᠠᠬᠤ ᠪᠠᠶᠢᠭᠤᠯᠭ᠎ᠠ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠵᠦ ᠪᠠᠶᠢᠪᠠᠯ ᠳᠠᠩᠰᠠᠯᠠᠭᠤᠯᠬᠤ ᠬᠡᠷᠡᠭᠲᠡᠢ᠂ ᠤᠷᠢᠳᠴᠢᠯᠠᠨ ᠪᠣᠳᠠᠲᠠᠢ ᠭᠠᠵᠠᠷ ᠲᠤ ᠨᠢ ᠬᠢᠨᠠᠨ ᠪᠠᠶᠢᠴᠠᠭᠠᠯᠲᠠ ᠬᠢᠬᠦ ᠦᠭᠡᠢ︔ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠮᠠᠰᠢᠨᠲᠤ ᠲᠡᠷᠭᠡ ᠰᠡᠯᠪᠢᠨ ᠵᠠᠰᠠᠬᠤ ᠡᠵᠡᠩᠨᠡᠭᠴᠢ ᠶᠢᠨ ᠬᠠᠤᠯᠢ ᠶᠣᠰᠣᠭᠠᠷ ᠳᠠᠩᠰᠠᠯᠠᠭᠤᠯᠤᠭᠰᠠᠨ ᠡᠰᠡᠬᠦ᠂ ᠳᠠᠩᠰᠠᠯᠠᠭᠤᠯᠤᠭᠰᠠᠨ ᠵᠦᠶᠯᠡᠰ ᠨᠢ ᠦᠨᠡᠨ ᠪᠣᠳᠠᠲᠠᠶ ᠡᠰᠡᠬᠦ᠂ ︽ᠮᠠᠰᠢᠨ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB / T 16739︶ ᠵᠡᠷᠭᠡ ᠲᠤᠬᠠᠶᠢᠯᠠᠭᠰᠠᠨ ᠠᠵᠢᠯ ᠎ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠵᠢᠴᠢ ︽ᠲᠣᠭᠲᠠᠭᠠᠯ︾᠎ ᠤᠨ ᠱᠠᠭᠠᠷᠳᠠᠯᠭ᠎ᠠ ᠶᠣᠰᠣᠭᠠᠷ ᠰᠡᠯᠪᠢᠨ ᠵᠠᠰᠠᠬᠤ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠡᠰᠡᠬᠦ ᠵᠡᠷᠭᠡ ᠳᠤ ᠬᠢᠨᠠᠯᠲᠠ ᠪᠠᠶᠢᠴᠠᠭᠠᠯᠲᠠ ᠪᠠ ᠬᠡᠷᠡᠭ ᠤᠨ ᠳᠤᠮᠳᠠᠬᠢ ᠪᠣᠯᠤᠨ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号