ᠬᠢᠷᠢ ᠬᠡᠮ ᠤᠨ ᠰᠢᠯᠭᠠᠯᠲᠠ᠄ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠤᠨ ᠠᠰᠠᠭᠤᠳᠠᠯ
ᠨᠡᠶᠢᠲᠡᠯᠡᠭᠰᠡᠨ ᠴᠠᠭ᠄
2024/10/14
      ︽︿ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠲᠣᠭᠲᠠᠭᠠᠯ﹀ ᠪᠠ ︿ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ〔2015〕59 ᠳ᠋ᠦ᠋ᠭᠡᠷ ᠲᠣᠭᠠᠲᠤ︶᠎ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ᠄ ︵ᠬᠤᠶᠠᠷ︶ ᠳ᠋ᠤᠭᠠᠷ ᠪᠠᠳᠠᠭ ᠲᠤ᠄ ᠲᠧᠭᠨᠢᠭ ᠤᠨ ᠤᠬᠠᠭᠠᠨ᠂ ᠪᠠᠶᠢᠭᠠᠯᠢ ᠶᠢᠨ ᠤᠬᠠᠭᠠᠨ᠂ ᠬᠠᠮᠢᠶᠠᠷᠤᠯᠲᠠ ᠶᠢᠨ ᠤᠬᠠᠭᠠᠨ ᠤ ᠰᠢᠨᠵᠢᠯᠡᠭᠡᠨ ᠤ ᠲᠥᠷᠥᠯ ᠵᠦᠢᠯ ᠤᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠠᠵᠢᠯ ᠳᠤ ᠪᠦᠬᠦᠯᠢ 2 ᠵᠢᠯ ᠠᠵᠢᠯᠯᠠᠭᠰᠠᠨ᠂ ᠡᠰᠡᠬᠦᠯ᠎ᠡ ᠪᠤᠰᠤᠳ ᠰᠢᠨᠵᠢᠯᠡᠭᠡᠨ ᠤ ᠲᠥᠷᠥᠯ ᠵᠦᠢᠯ ᠤᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠣᠯᠤᠭᠰᠠᠨ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠠᠵᠢᠯ ᠳᠤ ᠪᠦᠬᠦᠯᠢ 3 ᠵᠢᠯ ᠠᠵᠢᠯᠯᠠᠭᠰᠠᠨ ᠪᠣᠯ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠰᠠᠯᠠᠬᠤ ᠲᠤᠷᠰᠢᠯᠲᠠ ᠶᠢᠨ ᠰᠢᠯᠭᠠᠨ ᠪᠠᠶᠢᠴᠠᠭᠠᠭᠴᠢ ᠶᠢᠨ ᠠᠵᠢᠯ ᠮᠡᠷᠭᠡᠵᠢᠯ ᠎ ᠤᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠵᠦ ᠪᠣᠯᠤᠨ᠎ᠠ᠃ ᠨᠡᠶᠢᠲᠡ ᠠᠵᠢᠯᠯᠠᠭᠰᠠᠨ ᠵᠢᠯ ᠬᠤᠭᠤᠴᠠᠭ᠎ᠠ ᠭᠡᠳᠡᠭ ᠨᠢ ᠰᠤᠷᠤᠯᠭ᠎ᠠ ᠶᠢᠨ ᠨᠠᠮᠲᠠᠷ ᠣᠯᠬᠤ ᠶᠢᠨ ᠡᠮᠦᠨ᠎ᠡ ᠬᠤᠶᠢᠨ᠎ᠠ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠠᠵᠢᠯ ᠤᠨ ᠴᠠᠭ ᠤᠨ ᠨᠡᠶᠢᠯᠡᠪᠦᠷᠢ ᠶᠢ ᠵᠢᠭᠠᠵᠤ ᠪᠣᠶ᠃ ᠲᠧᠭᠨᠢᠭ ᠤᠨ ᠤᠬᠠᠭᠠᠨ᠂ ᠪᠠᠶᠢᠭᠠᠯᠢ ᠶᠢᠨ ᠤᠬᠠᠭᠠᠨ᠂ ᠬᠠᠮᠢᠶᠠᠷᠤᠯᠲᠠ ᠶᠢᠨ ᠤᠬᠠᠭᠠᠨ ᠤ ᠰᠢᠨᠵᠢᠯᠡᠭᠡᠨ ᠤ ᠲᠤᠰᠬᠠᠶ ᠮᠡᠷᠭᠡᠵᠢᠯ ᠤᠨ ᠲᠥᠷᠥᠯ ᠵᠦᠢᠯ ᠢ ᠬᠤᠪᠢᠶᠠᠷᠢᠯᠠᠬᠤ ᠳᠤ ᠰᠤᠷᠭᠠᠨ ᠬᠥᠮᠦᠵᠢᠯ ᠎ ᠤᠨ ᠶᠠᠮᠤᠨ ᠤ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ︵ᠲᠤᠰᠬᠠᠶ ᠮᠡᠷᠭᠡᠵᠢᠯ︶᠎ ᠤᠨ ᠭᠠᠷᠴᠠᠭ︾᠎ ᠢᠶᠠᠷ ᠯᠠᠪᠯᠠᠯᠲᠠ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号