ᠵᠠᠰᠠᠭ ᠵᠠᠬᠢᠷᠭᠠᠨ ᠤ ᠬᠡᠷᠡᠭᠵᠢᠭᠦᠯᠦᠯᠲᠡ᠄ ᠵᠢᠯᠣᠭᠤᠴᠢ ᠶᠢᠨ ᠶᠠᠳᠠᠷᠠᠯ ᠲᠠᠢ ᠲᠡᠷᠭᠡ ᠵᠢᠯᠣᠭᠤᠳᠬᠤ ᠪᠠᠷᠢᠮᠵᠢᠶ᠎ᠠ ᠶᠢ ᠬᠢᠨᠠᠨ ᠲᠣᠭᠲᠠᠭᠠᠬᠤ
ᠨᠡᠶᠢᠲᠡᠯᠡᠭᠰᠡᠨ ᠴᠠᠭ᠄
2024/10/14
    ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠠᠮᠤᠷ ᠲᠥᠪᠰᠢᠨ ᠤ ᠬᠠᠮᠢᠶᠠᠷᠤᠯᠲᠠ ᠎ ᠶᠢᠨ ᠵᠢᠷᠤᠮᠵᠢᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠪᠡᠯ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠨᠢ ᠡᠳᠦᠷ ᠵᠠᠯᠭᠠᠭ᠎ᠠ ᠪᠠᠷ ᠵᠢᠯᠣᠭᠤᠳᠬᠤ ᠴᠠᠭ ᠢ 4 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠰᠥᠨᠢ ᠵᠠᠯᠭᠠᠭ᠎ᠠ ᠪᠠᠷ ᠵᠢᠯᠣᠭᠤᠳᠬᠤ ᠴᠠᠭ ᠢ 2 ᠴᠠᠭ ᠠᠴᠠ ᠬᠡᠲᠦᠷᠡᠭᠦᠯᠵᠦ ᠪᠣᠯᠬᠤ ᠦᠭᠡᠶ᠃ ᠬᠡᠷᠪᠡ ᠡᠳᠦᠷ ᠰᠥᠨᠢ ᠥᠬᠡᠶ ᠠᠶᠠᠯᠠᠬᠤ ᠪᠠᠶᠢᠳᠠᠯ ᠲᠣᠬᠢᠶᠠᠯᠳᠤᠪᠠᠯ᠂ ᠬᠠᠮᠲᠤ ᠳᠤ ᠨᠢ ᠰᠥᠨᠢ ᠵᠠᠯᠭᠠᠭ᠎ᠠ ᠪᠠᠷ ᠵᠢᠯᠣᠭᠤᠳᠬᠤ ᠴᠠᠭ ᠢ 2 ᠴᠠᠭ ᠠᠴᠠ ᠬᠡᠲᠦᠷᠡᠭᠦᠯᠬᠦ ᠥᠬᠡᠶ᠂ ᠡᠳᠦᠷ ᠰᠥᠨᠢ ᠨᠡᠮᠡᠵᠦ ᠵᠠᠯᠭᠠᠭ᠎ᠠ ᠪᠠᠷ ᠵᠢᠯᠣᠭᠤᠳᠬᠤ ᠳᠤ 4 ᠴᠠᠭ ᠠᠴᠠ ᠬᠡᠲᠦᠷᠡᠭᠦᠯᠬᠦ ᠥᠬᠡᠶ ᠪᠠᠶᠢᠬᠤ ᠱᠠᠭᠠᠷᠳᠠᠯᠭ᠎ᠠ ᠶᠢ ᠬᠠᠩᠭᠠᠭᠰᠠᠨ ᠪᠠᠶᠢᠪᠠᠯ᠂ ᠶᠠᠳᠠᠷᠠᠯ ᠲᠠᠢ ᠲᠡᠷᠭᠡ ᠵᠢᠯᠣᠭᠤᠳᠤᠭᠰᠠᠨ ᠳᠤ ᠲᠣᠭᠠᠴᠠᠭᠳᠠᠬᠤ ᠥᠬᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号