ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ᠄ ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠡᠵᠡᠩᠨᠡᠭᠴᠢ ᠶᠠᠮᠠᠷ ᠶᠠᠮᠠᠷ ᠵᠠᠷᠴᠢᠮ ᠢ ᠪᠠᠷᠢᠮᠲᠠᠯᠠᠪᠠᠯ ᠵᠣᠬᠢᠬᠤ ᠪᠤᠢ︖
ᠨᠡᠶᠢᠲᠡᠯᠡᠭᠰᠡᠨ ᠴᠠᠭ᠄
2024/10/14
      ︽ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶ ᠤᠨ ᠳᠥᠷᠪᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠮ ᠤᠨ ᠠᠶᠠᠨᠴᠢᠳ ᠤᠨ ᠲᠡᠭᠡᠭᠡᠪᠦᠷᠢ ᠪᠣᠯᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠳᠤ ᠬᠥᠮᠦᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠵᠣᠷᠢᠯᠲᠠ ᠶᠢ ᠪᠠᠷᠢᠮᠲᠠᠯᠠᠨ᠂ ᠡᠷᠬᠡ ᠲᠡᠭᠰᠢ᠂ ᠲᠥᠪ ᠭᠤᠤᠯᠴᠢ᠂ ᠢᠯᠡ᠂ ᠠᠷᠠᠳ ᠲᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠨ᠂ ᠭᠠᠵᠠᠷ ᠣᠷᠣᠨ ᠤ ᠪᠢᠲᠡᠭᠦᠮᠵᠢᠯᠡᠯ ᠪᠣᠯᠤᠨ ᠭᠠᠭᠴᠠᠭᠠᠷ ᠡᠵᠡᠮᠰᠢᠯ ᠢ ᠡᠪᠳᠡᠵᠦ᠂ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠨᠢᠭᠡᠳᠦᠯᠲᠡᠶ᠂ ᠨᠡᠭᠡᠭᠡᠯᠲᠡ  ᠲᠠᠢ᠂ ᠥᠷᠢᠰᠥᠯᠳᠦᠭᠡᠨ ᠲᠠᠢ᠂ ᠡᠮᠬᠢ ᠵᠢᠷᠤᠮ ᠲᠠᠢ ᠪᠠᠶᠢᠬᠤ ᠶᠢ ᠠᠬᠢᠭᠤᠯᠤᠨ᠂ ᠥᠷᠭᠡᠨ ᠣᠯᠠᠨ ᠠᠷᠠᠳ ᠲᠦᠮᠡᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ ᠬᠠᠤᠯᠢ ᠶᠣᠰᠣᠭᠠᠷ ᠡᠵᠡᠩᠨᠡᠵᠦ᠂ ᠦᠨᠡᠨᠴᠢ ᠢᠲᠡᠭᠡᠮᠵᠢᠲᠡᠶ᠂ ᠲᠥᠪ ᠭᠤᠣᠯᠴᠢ ᠪᠠᠷ ᠦᠷᠢᠰᠦᠯᠳᠦᠵᠦ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ᠃ ᠵᠠᠮ ᠤᠨ ᠠᠶᠠᠨᠴᠢᠳ ᠤᠨ ᠲᠡᠭᠡᠭᠡᠪᠦᠷᠢ ᠪᠣᠯᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠶᠢ ᠵᠣᠷᠢᠭᠵᠢᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号