ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ᠄ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠡᠵᠡᠩᠨᠡᠯᠲᠡ ᠶᠢᠨ ᠣᠷᠣᠨ ᠪᠦᠰᠡ ᠪᠠ ᠡᠵᠡᠩᠨᠡᠯᠲᠡ ᠶᠢᠨ ᠵᠠᠮ ᠱᠤᠭᠤᠮ ᠤᠨ ᠤᠷᠲᠤ ᠶᠢ ᠦᠨᠳᠦᠰᠦᠯᠡᠨ ᠶᠠᠮᠠᠷ ᠬᠡᠳᠦᠨ ᠲᠥᠷᠥᠯ ᠬᠤᠪᠢᠶᠠᠬᠤ ᠪᠣᠶ︖
ᠨᠡᠶᠢᠲᠡᠯᠡᠭᠰᠡᠨ ᠴᠠᠭ᠄
2024/10/15
    ︽ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶᠎ ᠤᠨ ᠨᠠᠶᠮᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠡᠵᠡᠩᠨᠡᠯᠲᠡ ᠶᠢᠨ ᠣᠷᠣᠨ ᠪᠦᠰᠡ ᠪᠠ ᠡᠵᠡᠩᠨᠡᠯᠲᠡ ᠶᠢᠨ ᠵᠠᠮ ᠱᠤᠭᠤᠮ ᠤᠨ ᠣᠷᠳᠣ ᠶᠢ ᠦᠨᠳᠦᠰᠦᠯᠡᠨ ᠳᠣᠤᠷᠠᠬᠢ ᠳᠥᠷᠪᠡᠨ ᠲᠥᠷᠥᠯ ᠳᠤ ᠬᠤᠪᠢᠶᠠᠨ᠎ᠠ᠄ ᠨᠢᠭᠡᠳᠦᠭᠡᠷ ᠲᠥᠷᠥᠯ ᠎ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠄ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠠᠯᠤᠰᠯᠠᠭᠰᠠᠨ ︵ᠬᠥᠷᠰᠢ ᠵᠡᠷᠭᠡᠯᠡᠳᠡᠭᠡ ᠰᠢᠶᠠᠨ ᠤ ᠬᠤᠭᠤᠷᠤᠨᠳᠤᠬᠢ ᠪᠠᠭᠲᠠᠬᠤ ᠥᠬᠡᠶ︶ ᠠᠶᠠᠨᠴᠢᠳ ᠎ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠃ ᠬᠤᠶᠠᠳᠤᠭᠠᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠄ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ︵ᠬᠥᠷᠰᠢ ᠵᠡᠷᠭᠡᠯᠡᠳᠡᠭᠡ ᠰᠢᠶᠠᠨ ᠤ ᠬᠤᠭᠤᠷᠤᠨᠳᠤᠬᠢ ᠪᠠᠭᠲᠠᠬᠤ ᠦᠭᠡᠶ︶ ᠠᠯᠤᠰᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠃ ᠭᠤᠷᠪᠠᠳᠤᠭᠠᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠄ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ᠂ ᠰᠢᠶᠠᠨ ᠤ ᠱᠠᠲᠤᠨ ᠎ ᠤ ᠵᠠᠰᠠᠭ ᠵᠠᠬᠢᠷᠭᠠᠨ ᠤ ᠣᠷᠣᠨ ︵ᠬᠥᠷᠰᠢ ᠵᠡᠷᠭᠡᠯᠡᠳᠡᠭᠡ ᠰᠢᠶᠠᠨ ᠤ ᠬᠤᠭᠤᠷᠤᠨᠳᠤᠬᠢ ᠪᠠᠭᠲᠠᠬᠤ ᠦᠭᠡᠶ︶ ᠠᠯᠤᠰᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠃ ᠳᠥᠷᠪᠡᠳᠦᠭᠡᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠄ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠪᠤᠶᠤ ᠬᠥᠷᠰᠢ ᠵᠡᠷᠭᠡᠯᠡᠳᠡᠭᠡ ᠰᠢᠶᠠᠨ ᠤ ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠃ ᠲᠤᠰ ᠲᠣᠭᠲᠠᠭᠠᠯ ᠳᠤ ᠬᠡᠯᠡᠵᠦ ᠪᠠᠶᠢᠭ᠎ᠠ ᠬᠥᠷᠰᠢ ᠵᠡᠷᠭᠡᠯᠡᠳᠡᠭᠡ ᠰᠢᠶᠠᠨ ᠭᠡᠳᠡᠭ ᠲᠤ᠂ ᠬᠠᠷᠢᠯᠴᠠᠨ ᠬᠥᠷᠰᠢᠯᠡᠵᠦ ᠪᠠᠶᠢᠭ᠎ᠠ ᠰᠢᠶᠠᠨ᠂ ᠬᠤᠰᠢᠭᠤ᠂ ᠰᠢᠶᠠᠨ ᠤ ᠱᠠᠲᠤᠨ ᠤ ᠬᠤᠲᠠ᠂ ᠬᠠᠷᠢᠶ᠎ᠠ ᠰᠢᠶᠠᠩ ᠪᠠᠯᠭᠠᠰᠤᠨ ᠤ ᠲᠣᠭᠤᠷᠢᠭ ᠪᠠᠭᠲᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号