ᠪᠤᠭᠤᠲᠤ ᠬᠤᠲᠠ ᠶᠢᠨ 210 ᠤᠯᠤᠰ ᠤᠨ ᠵᠠᠮ ᠤᠨ ᠬᠤᠲᠠ ᠤᠨ ᠲᠣᠭᠤᠷᠢᠭ ᠤᠨ ᠬᠡᠰᠡᠭ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠳᠠᠭᠤᠰᠴᠤ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2024/10/16
     10 ᠳ᠋ᠤᠭᠠᠷ ᠰᠠᠷ᠎ᠠ ᠶᠢᠨ 10 ᠤ ᠡᠳᠦᠷ᠂ ᠪᠤᠭᠤᠲᠤ ᠬᠤᠲᠠ ᠶᠢᠨ 210 ᠤᠯᠤᠰ ᠤᠨ ᠵᠠᠮ ᠤᠨ ᠬᠤᠲᠠ  ᠶᠢᠨ ᠲᠣᠭᠤᠷᠢᠭ ᠤᠨ ᠬᠡᠰᠡᠭ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠤᠷᠤᠭᠰᠢᠲᠠᠶ ᠳᠠᠭᠤᠰᠬᠠᠨ᠂ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠲᠥᠯᠥᠪᠯᠡᠭᠰᠡᠨ ᠠᠴᠠ 20 ᠡᠳᠦᠷ ᠣᠷᠴᠢᠮ ᠤᠷᠢᠳᠴᠢᠯᠠᠭᠰᠠᠨ ᠪᠠᠶᠢᠨ᠎ᠠ᠃
202410151430.jpg
     210 ᠤᠯᠤᠰ ᠤᠨ ᠵᠠᠮ ᠤᠨ ᠬᠤᠲᠠ ᠶᠢᠨ ᠲᠣᠭᠤᠷᠢᠭ ᠤᠨ ᠬᠡᠰᠡᠭ ᠪᠣᠯ ᠪᠤᠭᠤᠲᠤ ᠬᠤᠲᠠ ᠶᠢᠨ ᠡᠮᠦᠨᠡᠲᠦ ᠤᠮᠠᠷᠠᠲᠤ ᠶᠢᠨ ᠵᠠᠮ ᠬᠠᠷᠢᠯᠴᠠᠭᠠᠨ ᠤ ᠲᠣᠮᠣ ᠯᠤᠭᠰᠢᠭᠤᠨ ᠰᠤᠳᠠᠯ ᠪᠠᠶᠢᠵᠤ᠂ ᠬᠢᠯᠢ ᠪᠠᠷ ᠥᠩᠭᠡᠷᠡᠬᠦ ᠵᠠᠮ ᠬᠠᠷᠢᠯᠴᠠᠭ᠎ᠠ ᠪᠠ ᠬᠤᠲᠠ ᠶᠢᠨ ᠵᠠᠮ ᠤᠨ ᠳᠠᠪᠬᠤᠷ ᠴᠢᠳᠠᠮᠵᠢ ᠶᠢ ᠡᠭᠦᠷᠭᠡᠯᠡᠵᠦ᠂ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ ᠡᠳᠦᠷ ᠤᠨ ᠳᠤᠮᠳᠠᠴᠢ ᠵᠠᠮ ᠬᠠᠷᠢᠯᠴᠠᠭᠠᠨ ᠤ ᠬᠡᠮᠵᠢᠶ᠎ᠡ ᠪᠠᠷᠤᠭ 5 ᠲᠦᠮᠡᠨ ᠲᠡᠷᠭᠡ ᠪᠠᠶᠢᠳᠠᠭ᠃      ᠲᠥᠷᠥᠯ ᠵᠦᠶᠯ ᠤᠨ ᠪᠥᠬᠦ ᠣᠷᠳᠣ ᠨᠢ 10.5 ᠺᠢᠯᠣᠮᠧᠲᠷ ᠪᠠᠶᠢᠵᠤ᠂ ᠣᠮᠠᠷᠠᠰᠢ ᠪᠠᠨ ᠹᠦ᠋ ᠰᠢᠩ ᠶᠡᠭᠡ ᠵᠡᠭᠡᠯᠢ  ᠠᠴᠠ ᠡᠬᠢᠯᠡᠵᠦ᠂ ᠡᠮᠦᠨᠡᠰᠢ ᠪᠠᠨ ᠬᠠᠲᠤᠨ ᠭᠤᠤᠯ ᠤᠨ ᠶᠡᠭᠡ ᠬᠥᠭᠦᠷᠭᠡ ᠬᠦᠷᠳᠡᠭ᠃ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠡᠯ᠎ᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠵᠠᠯᠭᠠᠭ᠎ᠠ ᠪᠠᠷ ᠪᠣᠷᠣᠭᠠᠨ ᠤ ᠨᠥᠯᠥᠭᠡ ᠶᠢ ᠢᠯᠡᠨ ᠳᠠᠪᠠᠵᠤ᠂ ᠨᠡᠪᠲᠡᠷᠡᠬᠦ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ᠂ ᠰᠣᠯᠪᠢᠴᠠᠨ ᠠᠵᠢᠯᠯᠠᠬᠤ᠂ ᠬᠡᠰᠡᠭ ᠬᠤᠪᠢᠶᠠᠨ ᠬᠡᠷᠡᠭᠵᠢᠭᠦᠯᠬᠦ ᠠᠷᠭ᠎ᠠ ᠬᠡᠯᠪᠡᠷᠢ ᠶᠢ ᠠᠪᠴᠤ᠂ ᠡᠳᠦᠷ ᠰᠥᠨᠢ ᠥᠬᠡᠶ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠲᠥᠷᠥᠯ ᠵᠦᠶᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠪᠠ᠃
202410151431.jpg
     ᠲᠥᠷᠥᠯ ᠵᠦᠶᠯ ᠤᠨ ᠶᠠᠪᠤᠴᠠ ᠳᠤ᠂ ᠨᠠᠷᠢᠯᠢᠭᠵᠢᠭᠤᠯᠤᠨ ᠬᠠᠮᠢᠶᠠᠷᠬᠤ᠂ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠶᠢ ᠪᠠᠷᠢᠮᠲᠠᠯᠠᠵᠤ᠂ ᠵᠠᠮ ᠤᠨ ᠭᠠᠳᠠᠷᠭᠤ ᠳᠤ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠬᠡᠷᠡᠭᠯᠡᠭᠰᠡᠨ ᠠᠴᠠ ᠲᠡᠷᠭᠡᠨ ᠮᠥᠷ ᠳᠠᠭᠠᠭᠠᠬᠤ᠂ ᠲᠡᠭᠰᠢᠬᠡᠨ ᠲᠣᠭᠲᠠᠭᠤᠨ ᠰᠠᠭᠠᠳ ᠥᠬᠡᠶ ᠪᠠᠶᠢᠵᠤ᠂ ᠵᠠᠮ ᠤᠨ ᠠᠭᠤᠯᠵᠠᠷ ᠢᠶᠠᠷ ᠵᠠᠮ ᠬᠤᠪᠢᠶᠠᠨ ᠶᠠᠪᠤᠬᠤ ᠶᠢ ᠰᠢᠯᠢᠳᠡᠭᠵᠢᠭᠦᠯᠵᠦ᠂ ᠥᠩᠭᠡᠲᠦ ᠲᠡᠮᠳᠡᠭ ᠱᠤᠭᠤᠮ ᠪᠠ ᠳᠠᠶᠢᠪᠤᠩ ᠠᠷᠠᠯ ᠤᠨ ᠲᠡᠮᠳᠡᠭ ᠢ ᠨᠡᠮᠡᠵᠦ᠂ ᠣᠯᠠᠨ ᠲᠦᠮᠡᠨ ᠳᠤ ᠲᠠᠭᠠᠯᠠᠮᠵᠢᠲᠠᠶ ᠪᠥᠭᠡᠳ ᠭᠤᠶᠣ ᠰᠠᠶᠢᠬᠠᠨ ᠶᠠᠪᠤᠵᠤ ᠰᠠᠭᠤᠬᠤ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃      ᠲᠣᠰ ᠲᠥᠷᠥᠯ ᠵᠦᠶᠯ ᠢ ᠬᠡᠷᠡᠭᠵᠢᠭᠦᠯᠦᠭᠰᠡᠨ ᠨᠢ ᠪᠤᠭᠤᠲᠤ ᠬᠤᠲᠠ ᠶᠢᠨ ᠡᠮᠦᠨᠡᠲᠦ ᠤᠮᠠᠷᠠᠲᠤ ᠶᠢᠨ ᠵᠠᠮ ᠬᠠᠷᠢᠯᠴᠠᠭᠠᠨ ᠤ ︽ᠲᠣᠮᠣ ᠯᠤᠭᠰᠢᠭᠤᠨ ᠰᠤᠳᠠᠯ︾ ᠢ ᠰᠢᠯᠢᠳᠡᠭᠵᠢᠭᠦᠯᠵᠦ᠂ ᠬᠤᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠣᠷᠣᠨ ᠤ ᠬᠠᠮᠵᠢᠯᠴᠠᠨ ᠬᠥᠭᠵᠢᠬᠦ  ᠶᠢ ᠨᠠᠩ ᠰᠠᠶᠢᠲᠤᠷ ᠠᠬᠢᠭᠤᠯᠪᠠ᠃ ᠡᠭᠦᠨ ᠠᠴᠠ ᠭᠠᠳᠠᠨ᠎ᠠ᠂ ᠲᠣᠰ ᠲᠥᠷᠥᠯ ᠵᠦᠶᠯ ᠳᠤ ᠪᠠᠰᠠ ᠬᠠᠲᠤᠨ ᠭᠤᠤᠯ  ᠤᠨ ᠵᠠᠩ ᠦᠶᠯᠡ ᠶᠢᠨ ᠬᠦᠷᠢᠶᠡᠯᠡᠩ ᠳᠤ ᠨᠡᠪᠲᠡᠷᠡᠬᠦ ᠲᠤᠰᠬᠠᠶ ᠬᠡᠷᠡᠭᠯᠡᠭᠡᠨ ᠤ ᠭᠠᠷᠬᠤ ᠵᠠᠮ ᠭᠠᠷᠭᠠᠵᠤ᠂ ᠵᠠᠮ ᠬᠠᠷᠢᠯᠴᠠᠭ᠎ᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠢ ᠵᠠᠮ ᠲᠠᠭᠠᠨ ᠬᠥᠭᠵᠢᠭᠦᠯᠦᠨ ᠮᠠᠨᠳᠤᠭᠤᠯᠵᠠᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号