︽ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ | ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 | ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠢᠬᠦ ᠪᠠᠷ ᠭᠤᠶᠤᠴᠢᠯᠠᠬᠤ ᠳᠤ᠂ ᠳᠣᠤᠷᠠᠬᠢ ᠨᠥᠬᠦᠴᠡᠯ ᠢ | ᠪᠦᠷᠢᠯᠳᠦᠭᠦᠯᠬᠦ ᠬᠡᠷᠡᠭᠲᠡᠶ᠄ ︵ᠨᠢᠭᠡ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠯᠤᠭ᠎ᠠ ᠵᠣᠬᠢᠴᠠᠭᠰᠠᠨ ᠪᠥᠭᠡᠳ | ᠪᠠᠶᠢᠴᠠᠭᠠᠨ ᠬᠡᠮᠵᠢᠭᠡᠳ ᠬᠢᠷᠢ ᠲᠡᠩᠴᠡᠭᠰᠡᠨ ᠠᠶᠠᠨᠴᠢᠳ ᠤᠨ ᠲᠡᠷᠭᠡ ᠲᠠᠢ ᠪᠠᠶᠢᠬᠤ᠄ 1. ᠠᠶᠠᠨᠴᠢᠳ ᠤᠨ ᠲᠡᠷᠭᠡ | ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ | ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 2. | ᠠᠶᠠᠨᠴᠢᠳ ᠤᠨ ᠲᠡᠷᠭᠡ ᠶᠢᠨ ᠳᠦᠷᠦᠯ ᠬᠡᠯᠪᠡᠷᠢ ᠶᠢᠨ ᠵᠡᠷᠭᠡ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ | ᠬᠤᠶᠠᠳᠤᠭᠠᠷ ᠳᠦᠷᠦᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠳᠠᠭᠠᠭᠠᠴᠢᠯᠠᠭᠰᠠᠨ | ᠠᠶᠠᠨᠴᠢᠳ ᠤᠨ ᠲᠡᠭᠡᠭᠡᠪᠦᠷᠢ ᠶᠢᠨ ᠠᠶᠠᠨᠴᠢᠳ ᠤᠨ ᠲᠡᠷᠭᠡ᠂ ᠲᠡᠭᠦᠨ ᠤ ᠳᠦᠷᠦᠯ ᠬᠡᠯᠪᠡᠷᠢ ᠶᠢᠨ ᠵᠡᠷᠭᠡ ᠳᠡᠰ ᠨᠢ | ᠳᠤᠮᠳᠠ ᠵᠡᠷᠭᠡ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠢ᠃ 3. ᠠᠶᠠᠨᠴᠢᠳ ᠤᠨ ᠲᠡᠷᠭᠡ ᠶᠢᠨ ᠲᠤᠭ᠎ᠠ | ᠬᠡᠮᠵᠢᠶ᠎ᠡ ᠶᠢᠨ ᠱᠠᠭᠠᠷᠳᠠᠯᠭ᠎ᠠ᠄ ︵1︶ ᠨᠢᠭᠡᠳᠦᠭᠡᠷ ᠳᠦᠷᠦᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠢ ᠡᠵᠡᠩᠨᠡᠵᠦ ᠪᠠᠶᠢᠭ᠎ᠠ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ | ᠥᠪᠡᠷ ᠲᠤ ᠪᠠᠨ 100 ᠰᠠᠤᠷᠢ ᠠᠴᠠ ᠳᠡᠭᠡᠭᠰᠢ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ ᠬᠡᠷᠡᠭᠲᠡᠶ᠂ | ᠡᠭᠦᠨ ᠳᠤ ᠳᠡᠭᠡᠳᠦ ᠵᠡᠷᠭᠡ ᠶᠢᠨ ᠠᠶᠠᠨᠴᠢᠳ ᠤᠨ ᠲᠡᠷᠭᠡ 30 ᠰᠠᠤᠷᠢ ᠠᠴᠠ ᠳᠡᠭᠡᠭᠰᠢ ᠪᠠᠶᠢᠬᠤ ᠬᠡᠷᠡᠭᠲᠡᠶ︔ | ᠡᠰᠡᠬᠦᠯ᠎ᠡ ᠥᠪᠡᠷ ᠲᠤ ᠪᠠᠨ 40 ᠰᠠᠤᠷᠢ ᠠᠴᠠ ᠳᠡᠭᠡᠭᠰᠢ ᠳᠡᠭᠡᠳᠦ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ | ᠲᠡᠷᠭᠡ ᠪᠠᠶᠢᠬᠤ ᠬᠡᠷᠡᠭᠲᠡᠢ︔ ︵2︶ ᠬᠤᠶᠠᠳᠤᠭᠠᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠡᠵᠡᠩᠨᠡᠵᠦ ᠪᠠᠶᠢᠭ᠎ᠠ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ | ᠥᠪᠡᠷ ᠲᠤ ᠪᠠᠨ 50 ᠰᠠᠤᠷᠢ ᠠᠴᠠ ᠳᠡᠭᠡᠭᠰᠢ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ ᠬᠡᠷᠡᠭᠲᠡᠶ᠂ ᠡᠭᠦᠨ | ᠳᠤ ᠳᠡᠭᠡᠳᠦ ᠵᠡᠷᠭᠡ ᠶᠢᠨ ᠠᠶᠠᠨᠴᠢᠳ ᠤᠨ ᠲᠡᠷᠭᠡ 15 ᠰᠠᠤᠷᠢ ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ | ᠥᠪᠡᠷ ᠲᠤ ᠪᠠᠨ 20 ᠰᠠᠤᠷᠢ ᠠᠴᠠ ᠳᠡᠭᠡᠭᠰᠢ ᠳᠡᠭᠡᠳᠦ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠲᠡᠷᠭᠡ | ᠪᠠᠶᠢᠬᠤ ᠬᠡᠷᠡᠭᠲᠡᠢ︔ ︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠡᠵᠡᠩᠨᠡᠵᠦ ᠪᠠᠶᠢᠭ᠎ᠠ ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ | ᠥᠪᠡᠷ ᠲᠤ ᠪᠠᠨ 10 ᠰᠠᠤᠷᠢ ᠠᠴᠠ ᠳᠡᠭᠡᠭᠰᠢ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ ᠬᠡᠷᠡᠭᠲᠡᠶ︔ ︵4︶ | ᠳᠥᠷᠪᠡᠳᠦᠭᠡᠷ ᠲᠥᠷᠥᠯ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠵᠦ ᠪᠠᠶᠢᠭ᠎ᠠ | ᠡᠭᠡᠯᠵᠢ ᠶᠢᠨ ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ 1 ᠰᠠᠤᠷᠢ ᠠᠴᠠ | ᠳᠡᠭᠡᠭᠰᠢ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ ᠬᠡᠷᠡᠭᠲᠡᠶ︔ ︵5︶ ᠮᠤᠵᠢ ᠶᠢᠨ ᠬᠤᠭᠤᠷᠣᠨᠳᠣ ᠲᠡᠷᠭᠡ | ᠳᠠᠭᠠᠭᠠᠴᠢᠯᠠᠭᠰᠠᠨ ᠠᠶᠠᠨᠴᠢᠳ ᠤᠨ ᠲᠡᠭᠡᠭᠡᠪᠦᠷᠢ ᠡᠵᠡᠩᠨᠡᠵᠦ ᠪᠠᠶᠢᠭ᠎ᠠ ᠡᠵᠡᠩᠨᠡᠭᠴᠢ᠂ ᠥᠪᠡᠷ ᠲᠤ ᠪᠠᠨ 20 | ᠰᠠᠤᠷᠢ ᠠᠴᠠ ᠳᠡᠭᠡᠭᠰᠢ ᠳᠤᠮᠳᠠ ᠳᠡᠭᠡᠳᠦ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ ᠬᠡᠷᠡᠭᠲᠡᠢ︔ | ︵6︶ ᠮᠤᠵᠢ ᠶᠢᠨ ᠳᠣᠲᠣᠷᠠᠬᠢ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠲᠡᠭᠡᠭᠡᠪᠦᠷᠢ ᠡᠵᠡᠩᠨᠡᠵᠦ ᠪᠠᠶᠢᠭ᠎ᠠ | ᠡᠵᠡᠩᠨᠡᠭᠴᠢ᠂ ᠥᠪᠡᠷ ᠲᠤ ᠪᠠᠨ 10 ᠰᠠᠤᠷᠢ ᠠᠴᠠ ᠳᠡᠭᠡᠭᠰᠢ ᠡᠵᠡᠩᠨᠡᠯᠲᠡ ᠶᠢᠨ ᠠᠶᠠᠨᠴᠢᠳ ᠤᠨ ᠲᠡᠷᠭᠡ ᠪᠠᠶᠢᠬᠤ | ᠬᠡᠷᠡᠭᠲᠡᠢ᠃ ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠢᠬᠦ ᠵᠢᠯᠣᠭᠤᠴᠢ ᠨᠢ᠂ ︽ᠵᠠᠮ | ᠲᠡᠭᠡᠭᠡᠪᠦᠷᠢ ᠶᠢᠨ ᠠᠵᠢᠯᠯᠠᠭᠰᠠᠳ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠶ᠃ ︵ᠭᠤᠷᠪᠠ︶ ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ | ᠶᠢᠨ ᠲᠥᠷᠢᠮ ᠲᠠᠢ ᠪᠠᠶᠢᠵᠤ᠂ ᠡᠭᠦᠨ ᠳᠤ ᠠᠶᠤᠯᠭᠦᠢ ᠦᠢᠯᠡᠳᠪᠦᠷᠢᠯᠡᠯ ᠤᠨ ᠠᠵᠢᠯᠯᠠᠬᠤ ᠲᠥᠷᠢᠮ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ | ᠵᠢᠯᠣᠭᠤᠴᠢ ᠪᠠ ᠲᠡᠷᠭᠡ ᠬᠥᠰᠬᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠬᠢᠬᠦ ᠪᠠᠷ ᠭᠤᠶᠤᠴᠢᠯᠠᠬᠤ ᠳᠤ᠂ | ᠪᠠᠰᠠ ᠲᠣᠳᠣᠷᠬᠠᠶ ᠵᠠᠮ ᠱᠤᠭᠤᠮ ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃ |