ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠄ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠨ ᠲᠡᠭᠡᠭᠡᠪᠦᠷᠢᠯᠡᠬᠦ ᠶᠢ ᠨᠢᠭᠡᠳᠦᠯᠲᠡᠶ ᠬᠦᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠭᠦᠢᠴᠡᠳᠬᠡᠬᠦ ᠳᠤ ᠬᠠᠷᠢᠶᠠᠯᠠᠭᠳᠠᠪᠠᠯ᠂ ᠬᠠᠮᠢᠭᠠᠬᠢ ᠮᠤᠵᠢ ᠶᠢᠨ ᠱᠠᠲᠤᠨ ᠤ ᠵᠠᠰᠠᠮᠠᠯ ᠵᠠᠮ ᠎ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ ᠬᠢᠨᠠᠨ ᠪᠠᠶᠢᠴᠠᠭᠠᠬᠤ ᠪᠣᠢ︖
ᠨᠡᠶᠢᠲᠡᠯᠡᠭᠰᠡᠨ ᠴᠠᠭ᠄
2024/10/17
    ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠰᠠᠮᠠᠯ ᠵᠠᠮ ᠢᠶᠠᠷ ᠶᠠᠪᠤᠭᠤᠯᠬᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2016 ᠣᠨ ᠤ 62 ᠳ᠋ᠤᠭᠠᠷ ᠲᠣᠭᠠᠲᠤ︶᠎ ᠤᠨ ᠠᠷᠪᠠᠨ ᠬᠤᠶᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠵᠥᠭᠡᠭᠡᠪᠦᠷᠢ ᠳᠠᠭᠠᠭᠠᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠠᠷᠪᠠᠳᠤᠭᠠᠷ ᠵᠦᠶᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠪᠠᠶᠢᠳᠠᠯ ᠳᠤ ᠬᠠᠷᠢᠶᠠᠯᠠᠭᠳᠠᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠡᠷᠭᠡ ᠪᠠᠷᠠᠭ᠎ᠠ ᠶᠢᠨ ᠶᠡᠷᠦᠩᠬᠡᠶ ᠴᠣᠭᠴᠠ ᠶᠢᠨ ᠭᠠᠳᠠᠷ ᠬᠦᠪᠡᠭᠡ ᠶᠢᠨ ᠬᠡᠮᠵᠢᠶ᠎ᠡ᠂ ᠶᠡᠷᠦᠩᠬᠡᠶ ᠮᠠᠰ᠂ ᠲᠡᠩᠭᠡᠯᠢᠭ ᠤᠨ ᠳᠠᠭᠠᠭᠠᠴᠠ ᠵᠡᠷᠭᠡ ᠲᠤᠭ᠎ᠠ ᠪᠠᠷᠢᠮᠲᠠ ᠪᠣᠯᠤᠨ ᠬᠠᠮᠠᠭᠠᠯᠠᠨ ᠬᠦᠷᠭᠡᠬᠦ ᠲᠥᠰᠦᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠨ ᠲᠡᠭᠡᠭᠡᠪᠦᠷᠢᠯᠡᠬᠦ ᠶᠢ ᠨᠢᠭᠡᠳᠦᠯᠲᠡᠶ ᠬᠦᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠭᠦᠢᠴᠡᠳᠬᠡᠬᠦ ᠳᠤ ᠬᠠᠷᠢᠶᠠᠯᠠᠭᠳᠠᠪᠠᠯ᠂ ᠡᠬᠢᠯᠡᠵᠦ ᠲᠡᠭᠡᠭᠡᠪᠦᠷᠢᠯᠡᠭᠰᠡᠨ ᠭᠠᠵᠠᠷ ᠤᠨ ᠮᠤᠵᠢ ᠶᠢᠨ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ ᠬᠢᠨᠠᠨ ᠪᠠᠶᠢᠴᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号