210 ᠮᠤᠵᠢ ᠶᠢᠨ ᠵᠠᠮ ᠤᠨ ᠵᠠᠷᠤᠳ ᠬᠤᠰᠢᠭᠤ ᠠᠴᠠ ᠤᠯᠠᠭᠠᠨᠬᠠᠳᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠠᠵᠢᠯ ᠡᠬᠢᠯᠡᠪᠡ
ᠨᠡᠶᠢᠲᠡᠯᠡᠭᠰᠡᠨ ᠴᠠᠭ᠄
2024/10/17
    10 ᠳ᠋ᠤᠭᠠᠷ ᠰᠠᠷ᠎ᠠ ᠶᠢᠨ 14 ᠤ ᠡᠲᠦᠷ ᠲᠤ᠂ 210 ᠮᠤᠵᠢ ᠶᠢᠨ ᠵᠠᠮ ᠤᠨ K168+667-K206+286 ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠠᠵᠢᠯ ᠡᠭᠢᠯᠡᠭᠦᠯᠪᠡ᠃
202410171832.jpg
    ᠲᠣᠰ ᠲᠥᠷᠥᠯ ᠵᠦᠢᠯ ᠨᠢ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ 210 ᠮᠤᠵᠢ ᠶᠢᠨ ᠵᠠᠮ ᠤᠨ K168+667 ᠭᠠᠵᠠᠷ ︵210 ᠮᠤᠵᠢ ᠶᠢᠨ ᠵᠠᠮ ᠬᠢᠭᠡᠳ 304 ᠤᠯᠤᠰ ᠤᠨ ᠵᠠᠮ ᠤᠨ ᠬᠠᠪᠲᠠᠭᠠᠢ ᠠᠭᠤᠯᠵᠠᠷ ᠬᠡᠰᠡᠭ︶ ᠠᠴᠠ ᠡᠬᠢᠯᠡᠵᠦ᠂ 210 ᠮᠤᠵᠢ ᠶᠢᠨ ᠵᠠᠮ ᠤᠨ K206+286 ᠭᠠᠵᠠᠷ ︵ᠲᠦᠩᠯᠢᠶᠣᠤ ᠬᠤᠲᠠ ᠬᠢᠭᠡᠳ ᠤᠯᠠᠭᠠᠨᠬᠠᠳᠠ ᠬᠤᠲᠠ ᠶᠢᠨ ᠵᠠᠭᠠᠭ︶ ᠲᠤ ᠬᠦᠷᠴᠦ᠂ ᠵᠠᠮ ᠤᠨ ᠪᠥᠬᠦ ᠣᠷᠳᠣ ᠨᠢ ᠪᠠᠷᠤᠭ 37.64  ᠺᠢᠯᠦᠮᠧᠲᠷ ᠪᠣᠯᠤᠨ᠎ᠠ᠃ ᠲᠥᠷᠥᠯ ᠵᠦᠢᠯ ᠳᠤ ᠤᠤᠯ ᠤᠨ ᠪᠠᠶᠢᠭᠰᠠᠨ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠠᠷᠢᠮᠲᠠᠯᠠᠬᠤ ᠪᠠᠷ ᠲᠥᠯᠥᠪᠯᠡᠵᠦ᠂ ᠵᠠᠰᠠᠮᠠᠯ ᠵᠠᠮ ᠤᠨ ᠬᠡᠷᠡᠭᠯᠡᠭᠡᠨ ᠤ ᠴᠢᠳᠠᠮᠵᠢ ᠶᠢ ᠪᠦᠬᠦ ᠲᠠᠯ᠎ᠠ ᠪᠠᠷ ᠰᠡᠷᠭᠦᠭᠡᠵᠦ᠂ ᠬᠠᠪᠲᠠᠭᠠᠢ ᠵᠠᠮ ᠤᠨ ᠠᠭᠤᠯᠵᠠᠷ ᠢ ᠰᠡᠯᠪᠢᠨ ᠵᠠᠰᠠᠵᠤ᠂ ᠪᠦᠬᠦ ᠱᠤᠭᠤᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠷᠢᠯᠭ᠎ᠠ ᠵᠢᠴᠢ ᠵᠠᠮ ᠳᠠᠭᠠᠤ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠡᠨᠡ ᠵᠢᠯ ᠮᠧᠲᠷ ᠰᠢᠷᠤᠢ ᠶᠢᠨ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃    210 ᠮᠤᠵᠢ ᠶᠢᠨ ᠵᠠᠮ ᠪᠣᠯ ᠮᠠᠨ ᠤ ᠣᠷᠣᠨ ᠤ ᠵᠡᠭᠦᠨ ᠬᠡᠰᠡᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠭᠤᠤᠯ ᠵᠠᠮ ᠪᠣᠯᠤᠨ᠎ᠠ᠂ ᠲᠣᠰ ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠬᠡᠷᠡᠭᠵᠢᠭᠦᠯᠬᠦ ᠨᠢ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠬᠤ᠂ ᠵᠠᠰᠠᠮᠠᠯ ᠵᠠᠮ ᠤᠨ ᠲᠣᠤᠷ ᠤᠨ ᠪᠦᠲᠦᠴᠡ ᠶᠢ ᠲᠡᠭᠦᠯᠳᠡᠷᠵᠢᠭᠦᠯᠬᠦ᠂ ᠮᠠᠨ ᠤ ᠣᠷᠣᠨ ᠤ ᠵᠡᠭᠦᠨ ᠬᠡᠰᠡᠭ ᠤᠨ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠵᠢᠭᠤᠯᠴᠢᠯᠠᠯ ᠤᠨ ᠡᠬᠢ ᠪᠠᠶᠠᠯᠢᠭ ᠤᠨ ᠵᠢᠭᠤᠯᠴᠢᠯᠠᠭᠴᠢᠳ ᠢ ᠲᠠᠲᠠᠬᠤ ᠬᠦᠴᠦᠨ ᠢ ᠳᠡᠭᠡᠭᠰᠢᠯᠡᠭᠦᠯᠬᠦ᠂ ᠲᠦᠩᠯᠢᠶᠣᠤ ᠤᠯᠠᠭᠠᠨᠬᠠᠳᠠ ︽ᠬᠤᠣᠰ ᠣᠳᠤ ᠶᠢᠨ ᠣᠷᠣᠨ︾ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                                                          ︵ᠴᠧᠨ ᠰᠢᠶᠤᠤ ᠵᠢᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号