| | ᠣᠶᠢᠷ᠎ᠠ ᠳᠤ᠂ 216 ᠮᠤᠵᠢ ᠶᠢᠨ ᠵᠠᠮ ᠤᠨ ᠮᠧᠩ ᠰᠢ ᠠᠴᠠ ᠴᠢ ᠫᠠᠨ ᠵᠢᠩ ᠬᠥᠷᠬᠦ ᠬᠡᠰᠡᠭ | ︵K0+000-K65+440︶ ᠤᠨ ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠪᠡ᠃ | | | | ᠲᠤᠰ ᠲᠦᠷᠦᠯ ᠵᠦᠢᠯ ᠤᠨ ᠪᠦᠬᠦ ᠤᠷᠳᠤ ᠨᠢ 65 ᠺᠢᠯᠣᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 2.3 | ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ — ᠴᠢ ᠫᠠᠨ ᠵᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠪᠣᠯᠤᠨ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠤᠯᠪᠣᠬᠤ ᠭᠤᠣᠯ ᠵᠠᠮ ᠪᠣᠯᠤᠨ᠎ᠠ᠃ | ᠲᠥᠷᠥᠯ ᠵᠦᠶᠯ ᠳᠤ ᠤᠤᠯ ᠤᠨ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠵᠦ᠂ | ᠵᠢᠷᠤᠭᠯᠠᠨ ᠲᠥᠯᠥᠪᠯᠡᠭᠰᠡᠨ ᠬᠤᠷᠳᠤᠴᠠ ᠨᠢ ᠴᠠᠭ ᠪᠦᠷᠢ 40 ᠺᠢᠯᠣᠮᠧᠲᠷ ᠪᠣᠯᠤᠨ᠎ᠠ᠃ ᠲᠡᠭᠦᠨ ᠤ ᠲᠡᠷᠭᠡ | ᠨᠡᠪᠲᠡᠷᠡᠭᠰᠡᠨ ᠨᠢ ᠠᠮᠢᠳᠤᠷᠠᠯ ᠳᠤ ᠳᠥᠭᠦᠮ ᠠᠪᠴᠢᠷᠠᠭᠰᠠᠨ ᠢᠶᠠᠷ ᠪᠠᠷᠠᠬᠤ ᠦᠭᠡᠢ ᠲᠤᠬᠠᠶ ᠶᠢᠨ ᠭᠠᠵᠠᠷ ᠤᠨ ᠠᠵᠤ | ᠠᠬᠤᠢ ᠶᠢᠨ ᠬᠥᠭᠵᠢᠯᠲᠡ ᠳᠤ ᠪᠠᠰᠠ ᠴᠢᠬᠤᠯᠠ ᠶᠡᠭᠡ ᠨᠥᠯᠥᠭᠡ ᠦᠵᠡᠭᠦᠯᠪᠡ᠃ | | | | ᠨᠢᠭᠡ ᠳᠤ᠂ ᠬᠤᠶᠠᠷ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠵᠠᠮ ᠬᠠᠷᠢᠯᠴᠠᠭᠠᠨ ᠤ ᠨᠥᠬᠦᠴᠡᠯ ᠢ | ᠰᠠᠶᠢᠵᠢᠷᠠᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | ᠬᠤᠶᠠᠷ ᠲᠤ᠂ ᠲᠤᠬᠠᠶ ᠶᠢᠨ ᠭᠠᠵᠠᠷ ᠤᠨ ᠵᠠᠮ ᠳᠠᠭᠠᠤ ᠶᠢᠨ ᠮᠠᠯᠴᠢᠳ ᠶᠠᠪᠤᠵᠤ ᠰᠠᠭᠤᠬᠤ ᠠᠰᠠᠭᠤᠳᠠᠯ ᠢ ᠲᠤᠶᠢᠯ | ᠤᠨ ᠶᠡᠭᠡ ᠪᠠᠷ ᠰᠠᠶᠢᠵᠢᠷᠠᠭᠤᠯᠪᠠ᠃ | ᠭᠤᠷᠪᠠ ᠳᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠴᠢᠳᠠᠮᠵᠢ ᠶᠢ ᠳᠡᠭᠡᠭᠰᠢᠯᠡᠭᠦᠯᠵᠦ᠂ ᠤᠮᠠᠷᠠᠲᠤ ᠶᠢᠨ ᠨᠡᠭᠦᠷᠡᠰᠦ | ᠶᠢ ᠡᠮᠦᠨᠡᠰᠢ ᠲᠡᠭᠡᠭᠡᠪᠦᠷᠢᠯᠡᠬᠦ ᠵᠠᠰᠠᠮᠠᠯ ᠵᠠᠮ ᠤᠨ ᠲᠡᠭᠡᠭᠡᠪᠦᠷᠢ ᠶᠢᠨ ᠲᠣᠣᠷ ᠤᠨ ᠪᠠᠶᠢᠷᠢᠰᠢᠯ ᠢ ᠰᠢᠯᠢᠳᠡᠭᠵᠢᠭᠦᠯᠦᠨ᠂ | ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠪᠠ᠃ | ᠳᠥᠷᠪᠡ ᠳᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ |