216 ᠮᠤᠵᠢ ᠶᠢᠨ ᠵᠠᠮ ᠤᠨ ᠮᠧᠩ ᠰᠢ ᠠᠴᠠ ᠴᠢ ᠫᠠᠨ ᠵᠢᠩ ᠬᠥᠷᠬᠦ ᠬᠡᠰᠡᠭ ᠤᠨ ᠵᠠᠰᠠᠮᠠᠯ ᠵᠠᠮ ᠵᠢᠩᠬᠢᠨᠢ  ᠪᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2024/10/18
20241018-1.jpg
    ᠣᠶᠢᠷ᠎ᠠ ᠳᠤ᠂ 216 ᠮᠤᠵᠢ ᠶᠢᠨ ᠵᠠᠮ ᠤᠨ ᠮᠧᠩ ᠰᠢ ᠠᠴᠠ ᠴᠢ ᠫᠠᠨ ᠵᠢᠩ ᠬᠥᠷᠬᠦ ᠬᠡᠰᠡᠭ                ︵K0+000-K65+440︶ ᠤᠨ ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠪᠡ᠃
20241018-2.jpg
    ᠲᠤᠰ ᠲᠦᠷᠦᠯ ᠵᠦᠢᠯ ᠤᠨ ᠪᠦᠬᠦ ᠤᠷᠳᠤ ᠨᠢ 65 ᠺᠢᠯᠣᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ — ᠴᠢ ᠫᠠᠨ ᠵᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠤᠯᠪᠣᠬᠤ ᠭᠤᠣᠯ ᠵᠠᠮ ᠪᠣᠯᠤᠨ᠎ᠠ᠃ ᠲᠥᠷᠥᠯ ᠵᠦᠶᠯ ᠳᠤ ᠤᠤᠯ ᠤᠨ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠵᠦ᠂ ᠵᠢᠷᠤᠭᠯᠠᠨ ᠲᠥᠯᠥᠪᠯᠡᠭᠰᠡᠨ ᠬᠤᠷᠳᠤᠴᠠ ᠨᠢ ᠴᠠᠭ ᠪᠦᠷᠢ 40 ᠺᠢᠯᠣᠮᠧᠲᠷ ᠪᠣᠯᠤᠨ᠎ᠠ᠃ ᠲᠡᠭᠦᠨ ᠤ ᠲᠡᠷᠭᠡ ᠨᠡᠪᠲᠡᠷᠡᠭᠰᠡᠨ ᠨᠢ ᠠᠮᠢᠳᠤᠷᠠᠯ ᠳᠤ ᠳᠥᠭᠦᠮ ᠠᠪᠴᠢᠷᠠᠭᠰᠠᠨ ᠢᠶᠠᠷ ᠪᠠᠷᠠᠬᠤ ᠦᠭᠡᠢ ᠲᠤᠬᠠᠶ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠪᠠᠰᠠ ᠴᠢᠬᠤᠯᠠ ᠶᠡᠭᠡ ᠨᠥᠯᠥᠭᠡ ᠦᠵᠡᠭᠦᠯᠪᠡ᠃
20241018-3.jpg
    ᠨᠢᠭᠡ ᠳᠤ᠂ ᠬᠤᠶᠠᠷ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃     ᠬᠤᠶᠠᠷ ᠲᠤ᠂ ᠲᠤᠬᠠᠶ ᠶᠢᠨ ᠭᠠᠵᠠᠷ ᠤᠨ ᠵᠠᠮ ᠳᠠᠭᠠᠤ ᠶᠢᠨ ᠮᠠᠯᠴᠢᠳ ᠶᠠᠪᠤᠵᠤ ᠰᠠᠭᠤᠬᠤ ᠠᠰᠠᠭᠤᠳᠠᠯ ᠢ ᠲᠤᠶᠢᠯ  ᠤᠨ ᠶᠡᠭᠡ ᠪᠠᠷ ᠰᠠᠶᠢᠵᠢᠷᠠᠭᠤᠯᠪᠠ᠃     ᠭᠤᠷᠪᠠ ᠳᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠴᠢᠳᠠᠮᠵᠢ ᠶᠢ ᠳᠡᠭᠡᠭᠰᠢᠯᠡᠭᠦᠯᠵᠦ᠂ ᠤᠮᠠᠷᠠᠲᠤ ᠶᠢᠨ ᠨᠡᠭᠦᠷᠡᠰᠦ  ᠶᠢ ᠡᠮᠦᠨᠡᠰᠢ ᠲᠡᠭᠡᠭᠡᠪᠦᠷᠢᠯᠡᠬᠦ ᠵᠠᠰᠠᠮᠠᠯ ᠵᠠᠮ ᠤᠨ ᠲᠡᠭᠡᠭᠡᠪᠦᠷᠢ ᠶᠢᠨ ᠲᠣᠣᠷ ᠤᠨ ᠪᠠᠶᠢᠷᠢᠰᠢᠯ ᠢ ᠰᠢᠯᠢᠳᠡᠭᠵᠢᠭᠦᠯᠦᠨ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠪᠠ᠃     ᠳᠥᠷᠪᠡ ᠳᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号