ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ᠂ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠪᠠᠶᠢᠷᠢᠯᠠᠭᠤᠯᠬᠤ᠂ ᠪᠠᠷᠢᠮᠵᠢᠶᠠᠵᠢᠭᠰᠠᠨ ᠥᠷᠲᠡᠭᠡ ᠴᠡᠭ ᠤᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 92 | ᠪᠠᠷᠢᠮᠵᠢᠶᠠᠵᠢᠭᠰᠠᠨ ᠲᠣᠰᠬᠤᠨ ᠤ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤ | ︵ᠬᠦᠷᠢᠶᠡᠯᠡᠩ ᠲᠣᠭᠤᠷᠢᠭ︶ ᠶᠢ ᠬᠠᠮᠤᠷᠴᠤ᠂ ᠪᠥᠲᠥᠭᠡᠨ ᠪᠠᠶᠢᠭᠤᠯᠵᠤ ᠳᠠᠭᠤᠰᠬᠠᠭᠰᠠᠨ ᠨᠣᠷᠮ᠎ᠠ ᠨᠢ 124% ᠳᠤ | ᠬᠦᠷᠴᠡᠶ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠤᠯᠠᠭᠠᠨᠴᠠᠪ ᠬᠤᠲᠠ ᠶᠢᠨ ᠪᠠᠷᠢᠮᠵᠢᠶᠠᠵᠢᠭᠰᠠᠨ | ᠲᠣᠰᠬᠤᠨ ᠤ ᠲᠠᠰ ᠤᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠤᠨ ᠪᠥᠲᠥᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠪᠠᠷᠢᠮᠵᠢᠶᠠᠵᠢᠭᠰᠠᠨ ᠲᠣᠰᠬᠤᠨ ᠤ | ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ | ᠪᠦᠲᠦᠭᠡᠨ ᠪᠠᠶᠢᠭᠤᠯᠤᠯᠲᠠ ᠨᠢ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ | ︽ᠡᠴᠦᠰ ᠤᠨ ᠨᠢᠭᠡ ᠺᠢᠯᠦᠮᠧᠲᠷ︾ ᠤᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠮᠠᠯᠵᠢᠬᠤ | ᠲᠠᠷᠢᠶᠠᠯᠠᠬᠤ ᠣᠷᠣᠨ ᠤ ᠠᠵᠤ ᠠᠬᠤᠢ ᠪᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠣᠰ ᠬᠤᠲᠠ ᠰᠢᠤᠳᠠᠨ ᠲᠦᠷᠭᠡᠨ ᠬᠦᠷᠭᠡᠯᠲᠡ ᠶᠢᠨ ᠬᠠᠮᠲᠤᠷᠠᠯᠴᠠᠭ᠎ᠠ᠂ ᠵᠠᠮ | ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠢ ᠪᠠᠶᠠᠯᠢᠭ ᠢᠶᠠᠨ | ᠡᠮᠬᠢᠯᠡᠨ ᠨᠡᠶᠢᠯᠡᠭᠦᠯᠵᠦ᠂ ᠠᠶᠠᠨᠴᠢᠳ᠂ ᠪᠠᠷᠠᠭ᠎ᠠ᠂ ᠰᠢᠤᠳᠠᠨ ᠤ ᠠᠭᠤᠰᠤᠯᠴᠠᠨ ᠬᠥᠭᠵᠢᠬᠦ ᠶᠢ ᠠᠰᠢᠭᠯᠠᠨ᠂ | ᠦᠢᠯᠡᠴᠢᠯᠡᠭᠡᠨ ᠤ ᠦᠷ᠎ᠡ ᠪᠦᠲᠦᠮᠵᠢ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠢᠯᠡᠭᠡᠨ | ᠬᠦᠷᠭᠡᠬᠦ ᠠᠵᠢᠯ ᠲᠥᠷᠥᠯ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠬᠥᠲᠥᠯᠦᠨ ᠵᠢᠯᠣᠭᠤᠳᠤᠨ᠎ᠠ᠃ |