ᠤᠯᠠᠭᠠᠨᠴᠠᠪ ᠬᠤᠲᠠ ᠮᠠᠯᠵᠢᠬᠤ ᠲᠠᠷᠢᠶᠠᠯᠠᠬᠤ ᠣᠷᠣᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠪᠠ
ᠨᠡᠶᠢᠲᠡᠯᠡᠭᠰᠡᠨ ᠴᠠᠭ᠄
2024/10/22
    ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠪᠠᠶᠢᠷᠢᠯᠠᠭᠤᠯᠬᠤ᠂ ᠪᠠᠷᠢᠮᠵᠢᠶᠠᠵᠢᠭᠰᠠᠨ ᠥᠷᠲᠡᠭᠡ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 92 ᠪᠠᠷᠢᠮᠵᠢᠶᠠᠵᠢᠭᠰᠠᠨ ᠲᠣᠰᠬᠤᠨ ᠤ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤ            ︵ᠬᠦᠷᠢᠶᠡᠯᠡᠩ ᠲᠣᠭᠤᠷᠢᠭ︶ ᠶᠢ ᠬᠠᠮᠤᠷᠴᠤ᠂ ᠪᠥᠲᠥᠭᠡᠨ ᠪᠠᠶᠢᠭᠤᠯᠵᠤ ᠳᠠᠭᠤᠰᠬᠠᠭᠰᠠᠨ ᠨᠣᠷᠮ᠎ᠠ ᠨᠢ 124% ᠳᠤ ᠬᠦᠷᠴᠡᠶ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠤᠯᠠᠭᠠᠨᠴᠠᠪ ᠬᠤᠲᠠ ᠶᠢᠨ ᠪᠠᠷᠢᠮᠵᠢᠶᠠᠵᠢᠭᠰᠠᠨ ᠲᠣᠰᠬᠤᠨ ᠤ ᠲᠠᠰ ᠤᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠪᠠᠷᠢᠮᠵᠢᠶᠠᠵᠢᠭᠰᠠᠨ ᠲᠣᠰᠬᠤᠨ ᠤ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠨᠢ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ         ︽ᠡᠴᠦᠰ ᠤᠨ ᠨᠢᠭᠡ ᠺᠢᠯᠦᠮᠧᠲᠷ︾ ᠤᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠪᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠲᠣᠰ ᠬᠤᠲᠠ ᠰᠢᠤᠳᠠᠨ ᠲᠦᠷᠭᠡᠨ ᠬᠦᠷᠭᠡᠯᠲᠡ ᠶᠢᠨ ᠬᠠᠮᠲᠤᠷᠠᠯᠴᠠᠭ᠎ᠠ᠂ ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠠᠶᠠᠨᠴᠢᠳ᠂ ᠪᠠᠷᠠᠭ᠎ᠠ᠂ ᠰᠢᠤᠳᠠᠨ ᠤ ᠠᠭᠤᠰᠤᠯᠴᠠᠨ ᠬᠥᠭᠵᠢᠬᠦ ᠶᠢ ᠠᠰᠢᠭᠯᠠᠨ᠂ ᠦᠢᠯᠡᠴᠢᠯᠡᠭᠡᠨ ᠤ ᠦᠷ᠎ᠡ ᠪᠦᠲᠦᠮᠵᠢ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ ᠠᠵᠢᠯ ᠲᠥᠷᠥᠯ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠬᠥᠲᠥᠯᠦᠨ ᠵᠢᠯᠣᠭᠤᠳᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号