10 ᠳ᠋ᠤᠭᠠᠷ ᠰᠠᠷ᠎ᠠ ᠶᠢᠨ 15 ᠤ ᠡᠳᠦᠷ᠂ S27 ᠬᠥᠬᠡᠬᠤᠲᠠ ᠠᠴᠠ ᠣᠷᠳᠣᠰ ᠬᠥᠷᠬᠦ ᠳᠡᠭᠡᠳᠦ ᠬᠤᠷᠳᠤ ᠶᠢᠨ | ᠵᠠᠰᠠᠮᠠᠯ ᠵᠠᠮ ︵ᠣᠷᠳᠣᠰ ᠤᠨ ᠬᠡᠰᠡᠭ︶ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ | ᠬᠢᠭᠡᠳ ᠭᠠᠵᠠᠷ ᠰᠣᠩᠭᠤᠬᠤ ᠰᠠᠨᠠᠯ ᠤᠨ ᠪᠢᠴᠢᠭ ᠤᠨ ᠴᠣᠬᠤᠯᠠᠪᠤᠷᠢ ᠶᠢ ᠣᠯᠵᠤ᠂ ᠲᠠᠷᠠᠭᠠᠴᠢ ᠶᠢᠨ ᠠᠯᠬᠤᠮ ᠤᠨ | ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠴᠣᠬᠤᠯᠠᠪᠤᠷᠢ ᠳᠤ ᠰᠠᠭᠤᠷᠢ ᠲᠠᠯᠪᠢᠪᠠ᠃ | ᠲᠣᠰ ᠲᠥᠷᠥᠯ ᠵᠦᠢᠯ ᠤᠨ ᠵᠠᠮ ᠱᠤᠭᠤᠮ ᠤᠨ ᠪᠥᠬᠦ ᠣᠷᠳᠣ ᠨᠢ ᠪᠠᠷᠤᠭ 127.75 ᠺᠢᠯᠣᠮᠧᠲᠷ ᠪᠠᠶᠢᠵᠤ᠂ | ᠭᠤᠣᠯ ᠱᠤᠭᠤᠮ ᠤᠨ ᠡᠬᠢᠯᠡᠯᠲᠡ ᠶᠢᠨ ᠴᠡᠭ ᠨᠢ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ | ᠤ ᠵᠡᠭᠦᠨ ᠯᠢᠦ ᠯᠢᠨ ᠲᠠᠨ ᠣᠷᠴᠢᠮ ᠪᠠᠶᠢᠵᠤ᠂ ᠪᠠᠶᠢᠭᠤᠯᠬᠤ ᠪᠠᠷ ᠪᠠᠶᠢᠭ᠎ᠠ S27 ᠬᠥᠬᠡᠬᠤᠲᠠ ᠠᠴᠠ ᠣᠷᠳᠣᠰ ᠤᠨ | ᠳᠡᠭᠡᠳᠦ ᠬᠤᠷᠳᠤ ᠶᠢᠨ ᠵᠠᠰᠠᠮᠠᠯ ᠵᠠᠮ ︵ᠬᠥᠬᠡᠬᠤᠲᠠ ᠶᠢᠨ ᠬᠡᠰᠡᠭ︶ ᠲᠠᠢ ᠵᠠᠯᠭᠠᠯᠳᠤᠵᠤ᠂ ᠪᠠᠷᠠᠭᠤᠨ ᠡᠮᠦᠨᠡᠰᠢ ᠪᠠᠨ | ᠬᠠᠲᠤᠨ ᠭᠤᠤᠯ ᠢ ᠰᠤᠨᠳᠠᠯᠠᠭᠰᠠᠨ ᠤ ᠳᠠᠷᠠᠭ᠎ᠠ᠂ ᠱᠢ ᠡᠯ ᠯᠢᠶᠠᠨ ᠴᠧᠩ ᠬᠤᠲᠠ ᠶᠢᠨ ᠵᠡᠭᠦᠨ᠂ ᠪᠣᠷᠤᠲᠣᠬᠤᠢ ᠶᠢᠨ | ᠪᠠᠷᠠᠭᠤᠨ᠂ ᠲᠦᠩ ᠴᠤᠸᠠᠨ ᠤ ᠵᠡᠭᠦᠨ ᠬᠡᠰᠡᠭ ᠢᠶᠠᠷ ᠥᠩᠭᠡᠷᠡᠵᠦ᠂ ᠡᠴᠦᠰ ᠤᠨ ᠴᠡᠭ ᠨᠢ ᠭᠡᠳᠡᠷᠬᠡ ᠬᠠᠷᠢᠯᠴᠠᠨ | ᠨᠡᠪᠲᠡᠷᠡᠬᠦ ᠵᠠᠮ ᠤᠨ ᠬᠤᠶᠢᠲᠤ ᠲᠠᠯ᠎ᠠ ᠶᠢᠨ G65 ᠪᠣᠭᠤᠲᠣ ᠠᠴᠠ ᠮᠣᠤᠮᠢᠩ ᠬᠦᠷᠬᠦ ᠳᠡᠭᠡᠳᠤ ᠬᠤᠷᠳᠤ ᠶᠢᠨ ᠵᠠᠰᠠᠮᠠᠯ | ᠵᠠᠮ ᠤᠨ K136+830 ᠬᠡᠰᠡᠭ ᠲᠤ ᠪᠠᠶᠢᠵᠤ᠂ G65 ᠪᠣᠭᠤᠲᠣ ᠠᠴᠠ ᠮᠣᠤᠮᠢᠩ ᠬᠦᠷᠬᠦ ᠳᠡᠭᠡᠳᠤ ᠬᠤᠷᠳᠤ ᠶᠢᠨ | ᠵᠠᠰᠠᠮᠠᠯ ᠵᠠᠮ ᠲᠠᠢ ᠰᠣᠯᠪᠢᠴᠠᠨᠠ᠃ | ᠲᠦᠷᠦᠯ ᠵᠦᠢᠯ ᠨᠢ ᠬᠤᠣᠰ ᠴᠢᠭᠯᠡᠯᠲᠦ 4 ᠲᠡᠷᠭᠡᠨ ᠵᠠᠮ᠂ ᠴᠠᠭ ᠤᠨ ᠬᠤᠷᠳᠤᠴᠠ ᠶᠢ 120 ᠺᠢᠯᠣᠮᠧᠲᠷ ᠤᠨ | ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠦᠲᠦᠭᠡᠨ ᠪᠠᠶᠢᠭᠤᠯᠤᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ | ᠣᠳᠣᠬᠠᠨ ᠤ ᠱᠤᠭᠤᠮ ᠲᠠᠢ ᠬᠠᠷᠢᠴᠠᠭᠤᠯᠪᠠᠯ᠂ ᠣᠷᠳᠣᠰ ᠠᠴᠠ ᠬᠥᠬᠡᠬᠤᠲᠠ ᠳᠤ ᠨᠡᠪᠲᠡᠷᠡᠬᠦ ᠴᠠᠭ ᠢ 2 ᠴᠠᠭ | ᠪᠣᠯᠭᠠᠨ ᠪᠣᠭᠤᠨᠢᠰᠬᠠᠵᠤ᠂ ᠬᠤᠶᠠᠷ ᠬᠤᠳᠠ ᠶᠢᠨ ᠬᠤᠭᠤᠷᠣᠨᠳᠣ ᠬᠠᠮᠤᠭ ᠤᠨ ᠣᠬᠤᠷ᠂ ᠬᠠᠮᠤᠭ ᠤᠨ ᠲᠦᠷᠭᠡᠨ᠂ | ᠬᠠᠮᠤᠭ ᠤᠨ ᠰᠢᠭᠤᠳ ᠨᠡᠪᠲᠡᠷᠡᠬᠦ ᠳᠡᠭᠡᠳᠤ ᠬᠤᠷᠳᠤ ᠶᠢᠨ ᠵᠠᠰᠠᠮᠠᠯ ᠵᠠᠮ ᠬᠠᠩᠭᠠᠬᠤ ᠪᠣᠯᠤᠨ᠎ᠠ᠃ | |