10 ᠳ᠋ᠤᠭᠠᠷ ᠰᠠᠷ᠎ᠠ ᠶᠢᠨ 17 ᠤ ᠡᠳᠦᠷ᠂ ᠬᠤᠯᠪᠤᠭ᠎ᠠ ᠠᠴᠠ ᠲᠦᠩᠯᠢᠶᠣᠤ ᠬᠦᠷᠬᠦ ᠳᠡᠭᠡᠳᠦ ᠬᠤᠷᠳᠤ ᠶᠢᠨ | ᠵᠠᠰᠠᠮᠠᠯ ᠵᠠᠮ ᠤᠨ ᠬᠤᠯᠪᠣᠬᠤ ᠱᠤᠭᠤᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ | | | ᠲᠣᠰ ᠲᠥᠷᠥᠯ ᠵᠦᠢᠯ ᠨᠢ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ | ᠳᠣᠲᠣᠷ᠎ᠠ ᠪᠠᠶᠢᠷᠢᠯᠠᠵᠤ᠂ 305 ᠮᠤᠵᠢ ᠶᠢᠨ ᠵᠠᠮ ᠤᠨ ᠭᠠᠨ ᠺᠦ᠋ ᠫᠢᠩ ᠨᠢᠭᠡᠳᠦᠭᠡᠷ ᠳᠡᠰ ᠤᠨ ᠵᠠᠰᠠᠮᠠᠯ ᠵᠠᠮ ᠤᠨ | ᠨᠥᠬᠦᠪᠥᠷᠢ ᠪᠠᠷᠢᠯᠭ᠎ᠠ ᠪᠠᠶᠢᠵᠤ᠂ ᠪᠥᠬᠦ ᠣᠷᠳᠣ ᠨᠢ ᠪᠠᠷᠤᠭ 6.06 ᠺᠢᠯᠦᠮᠧᠲᠷ ᠪᠣᠯᠤᠨ᠎ᠠ᠃ ᠨᠢᠭᠡᠳᠦᠭᠡᠷ ᠳᠡᠰ ᠤᠨ | ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ ᠴᠠᠭ ᠲᠤ 80 | ᠺᠢᠯᠣᠮᠧᠲᠷ᠃ | ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠤ ᠳᠠᠷᠠᠭ᠎ᠠ᠂ ᠬᠤᠯᠪᠤᠭ᠎ᠠ ᠠᠴᠠ | ᠲᠦᠩᠯᠢᠶᠣᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠪᠠ 305 ᠮᠤᠵᠢ ᠶᠢᠨ ᠵᠠᠮ ᠢ ᠨᠡᠪᠲᠡᠷᠡᠭᠦᠯᠵᠦ᠂ | ︽ᠮᠤᠬᠤᠷ ᠵᠠᠮ︾ ᠢ ᠨᠡᠪᠲᠡᠷᠡᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ | ᠰᠠᠶᠢᠵᠢᠷᠠᠭᠤᠯᠬᠤ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ ᠵᠦᠢᠯ ᠢ ᠪᠠᠶᠢᠭᠤᠯᠤᠭᠰᠠᠨ ᠨᠢ ᠣᠷᠣᠨ | ᠪᠦᠰᠡ ᠶᠢᠨ ᠡᠬᠢ ᠪᠠᠶᠠᠯᠢᠭ ᠢ ᠪᠦᠲᠦᠮᠵᠢᠲᠡᠶ ᠠᠮᠢᠳᠤᠯᠢᠭ ᠪᠣᠯᠭᠠᠵᠤ᠂ ᠪᠠᠯᠠ ᠣᠷᠣᠭᠤᠯᠤᠯᠲᠠ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠵᠠᠮ ᠳᠠᠭᠠᠤ ᠶᠢᠨ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | |