ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾᠎ ᠤ ᠠᠮᠤᠷ ᠲᠦᠪᠰᠢᠨ ᠤ ᠰᠢᠯᠭᠠᠨ ᠬᠢᠨᠠᠯᠲᠠ ᠳᠤ ᠢᠩᠭᠢᠵᠦ ᠬᠢᠨ᠎ᠡ
ᠨᠡᠶᠢᠲᠡᠯᠡᠭᠰᠡᠨ ᠴᠠᠭ᠄
2024/10/24
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠵᠢᠴᠢ ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵︽ᠬᠤᠶᠠᠷ ᠲᠥᠷᠥᠯ ᠎ ᠤᠨ ᠠᠵᠢᠯᠲᠠᠨ︾ ᠭᠡᠵᠦ ᠲᠣᠪᠴᠢᠯᠠᠨ᠎ᠠ︶᠎ ᠤ ᠠᠮᠤᠷ ᠲᠦᠪᠰᠢᠨ ᠤ ᠰᠢᠯᠭᠠᠨ ᠬᠢᠨᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃    ᠮᠡᠳᠡᠭᠳᠡᠯ ᠳᠤ᠂ ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠡᠭᠦᠨ ᠤ           ︽ᠬᠤᠶᠠᠷ ᠲᠥᠷᠥᠯ ᠤᠨ ᠠᠵᠢᠯᠲᠠᠨ︾᠎ ᠤ ᠠᠮᠤᠷ ᠲᠦᠪᠰᠢᠨ ᠤ ᠬᠡᠪ ᠴᠢᠨᠠᠷ ᠪᠠ ᠴᠢᠳᠠᠪᠤᠷᠢ ᠨᠢ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠳᠤ ᠰᠢᠭᠤᠳ ᠬᠤᠯᠪᠣᠭᠳᠠᠵᠤ᠂ ᠡᠨᠡ ᠬᠡᠰᠡᠭ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ ᠨᠠᠩ ᠴᠤ ᠲᠤᠯᠭᠠᠮ᠎ᠠ ᠪᠥᠭᠡᠳ ᠴᠢᠬᠤᠯᠠ ᠪᠠᠶᠢᠳᠠᠭ ᠭᠡᠵᠦ ᠵᠢᠭᠠᠵᠤ ᠭᠠᠷᠭᠠᠪᠠ᠃    ᠰᠢᠯᠭᠠᠨ ᠬᠢᠨᠠᠬᠤ ᠶᠠᠪᠤᠴᠠ ᠨᠢ ᠲᠣᠳᠣᠷᠬᠠᠶ ᠪᠥᠭᠡᠳ ᠵᠢᠷᠤᠮᠵᠢᠭᠤᠨ ᠲᠥᠪ ᠴᠢᠩᠭ᠎ᠠ   ᠰᠢᠯᠭᠠᠨ ᠬᠢᠨᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠡᠳᠡᠭᠳᠡᠯ ᠎ ᠳᠤ ᠰᠢᠯᠭᠠᠨ ᠬᠢᠨᠠᠬᠤ ᠪᠠᠷ ᠭᠤᠶᠤᠴᠢᠯᠠᠬᠤ᠂ ᠦᠶᠯᠡᠴᠢᠯᠡᠬᠦ ᠨᠢᠭᠡᠴᠢ ᠶᠢ ᠬᠤᠪᠢᠷᠠᠭᠤᠯᠬᠤ᠂ ᠬᠢᠷᠢ ᠲᠡᠩᠴᠡᠭᠰᠡᠨ ᠭᠡᠷᠡᠴᠢ ᠶᠢ ᠬᠤᠶᠢᠰᠢᠯᠠᠭᠤᠯᠤᠨ ᠭᠤᠶᠤᠴᠢᠯᠠᠬᠤ ᠵᠢᠴᠢ ᠬᠦᠴᠦᠨ ᠥᠬᠡᠶ ᠪᠣᠯᠭᠠᠬᠤ ᠵᠡᠷᠭᠡ ᠪᠣᠳᠠᠲᠠᠶ ᠶᠡᠪᠤᠴᠠ ᠶᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠪᠣᠭᠤᠮᠲᠠ ᠶᠢ ᠴᠢᠩᠭ᠎ᠠ ᠰᠠᠬᠢᠵᠤ᠂ ᠰᠢᠯᠭᠠᠨ ᠬᠢᠨᠠᠬᠤ ᠠᠵᠢᠯ ᠤᠨ ᠵᠢᠷᠤᠮᠵᠢᠯᠳᠤ ᠴᠢᠨᠠᠷ ᠪᠠ ᠲᠥᠪ ᠴᠢᠩᠭ᠎ᠠ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠳᠬᠠᠪᠠ    ᠮᠡᠳᠡᠭᠳᠡᠯ ᠳᠤ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠵᠢᠭᠠᠨ ᠵᠢᠯᠣᠭᠤᠳᠬᠤ᠂ ᠱᠠᠯᠠᠪᠳᠠᠭᠤᠯᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠵᠦ᠂      ︽ᠬᠤᠶᠠᠷ ᠲᠥᠷᠥᠯ ᠤᠨ ᠠᠵᠢᠯᠲᠠᠨ︾᠎ ᠤ ᠠᠮᠤᠷ ᠲᠦᠪᠰᠢᠨ ᠤ ᠰᠢᠯᠭᠠᠨ ᠬᠢᠨᠠᠬᠤ ᠳᠤ ᠣᠷᠣᠯᠴᠠᠬᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠵᠡᠷᠭᠡ ᠪᠠᠶᠢᠳᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾᠎ ᠤ ᠵᠠᠮ ᠲᠡᠭᠡᠭᠡᠪᠦᠷᠢ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠵᠦ ᠪᠠᠶᠢᠭ᠎ᠠ 6 ᠰᠠᠷ᠎ᠠ ᠶᠢᠨ ᠳᠣᠲᠣᠷ᠎ᠠ ᠠᠮᠤᠷ ᠲᠦᠪᠰᠢᠨ ᠤ ᠰᠢᠯᠭᠠᠨ ᠬᠢᠨᠠᠬᠤ ᠠᠵᠢᠯ ᠳᠤ ᠣᠷᠣᠯᠴᠠᠬᠤ ᠶᠢᠨ ᠬᠠᠮᠲᠤ 1 ᠵᠢᠯ ᠤᠨ ᠳᠣᠲᠣᠷ᠎ᠠ ᠰᠢᠯᠭᠠᠨ ᠬᠢᠨᠠᠯᠲᠠ ᠳᠤ ᠬᠢᠷᠢ ᠲᠡᠩᠴᠡᠭᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠦᠷ᠎ᠡ ᠪᠦᠲᠦᠮᠵᠢ ᠢᠯᠡᠳᠲᠡ ᠦᠷᠭᠦᠯᠵᠢᠯᠡᠨ ᠴᠢᠩᠭᠠᠯᠠᠪᠠ   2024 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 1.6 ᠲᠦᠮᠡᠨ ᠬᠥᠮᠦᠨ ᠵᠠᠮ ᠲᠡᠭᠡᠭᠡᠪᠦᠷᠢ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾᠎ ᠤ ᠠᠮᠤᠷ ᠲᠦᠪᠰᠢᠨ ᠤ ᠰᠢᠯᠭᠠᠨ ᠬᠢᠨᠠᠯᠲᠠ ᠶᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠎ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂      ︽ᠬᠤᠶᠠᠷ ᠲᠥᠷᠥᠯ ᠤᠨ ᠠᠵᠢᠯᠲᠠᠨ︾᠎ ᠤ ᠠᠮᠤᠷ ᠲᠦᠪᠰᠢᠨ ᠤ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠦᠶᠯᠡᠳᠪᠦᠷᠢᠯᠡᠯ ᠤᠨ ᠠᠮᠤᠷ ᠲᠦᠪᠰᠢᠨ ᠤ ᠠᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠨᠠᠩ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号