| | ︽ᠥᠪᠡᠷᠲᠡᠭᠡᠨ ᠵᠠᠰᠠᠬᠤ ᠣᠷᠣᠨ ᠤ ︿ᠬᠤᠶᠠᠷ ᠲᠠᠯ᠎ᠠ ᠠᠴᠠ ᠪᠠᠨ ᠡᠷᠢᠬᠦ﹀ ᠶᠢ ᠵᠣᠯᠭᠠᠭᠤᠯᠬᠤ ᠲᠣᠭᠲᠠᠴᠠ ᠪᠠᠷ | ᠳᠡᠮᠵᠢᠨ᠂ ᠮᠠᠨ ᠤ ᠠᠵᠤ ᠠᠬᠤᠶᠢᠯᠠᠯ ᠤᠯᠠᠭᠠᠨᠬᠠᠳᠠ ᠶᠢᠨ ᠫᠢᠩ ᠮᠧᠶ ᠨᠡᠭᠦᠷᠡᠰᠦᠨ ᠤ ᠪᠠᠯᠠ ᠣᠷᠣᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠤᠷᠤᠭᠰᠢᠲᠠᠶ ᠵᠣᠯᠭᠠᠵᠤ᠂ ᠣᠳᠣᠬᠠᠨ ᠳᠤ ᠡᠭᠦᠳᠦᠨ ᠪᠠᠶᠢᠭᠤᠯᠬᠤ | ᠡᠬᠢᠨ ᠤ ᠬᠤᠭᠤᠴᠠᠭ᠎ᠠ ᠶᠢᠨ ᠪᠠᠷᠠᠭᠠᠨ ᠤ ᠢᠷᠡᠯᠲᠡ ᠬᠦᠷᠦᠯᠴᠡᠬᠦ ᠥᠬᠡᠶ ᠪᠠᠶᠢᠬᠤ ᠡᠵᠡᠩᠨᠡᠯᠲᠡ ᠶᠢᠨ ᠬᠦᠴᠢᠷ | ᠠᠰᠠᠭᠤᠳᠠᠯ ᠢ ᠨᠢᠭᠡᠨᠲᠡ ᠰᠢᠶᠳᠪᠦᠷᠢᠯᠡᠪᠡ᠃︾ ᠤᠯᠠᠭᠠᠨᠬᠠᠳᠠ ᠶᠢᠨ ᠣᠲᠣ ᠦᠶ᠎ᠡ ᠶᠢᠨ ᠣᠶᠤᠨᠴᠢ ᠪᠠᠷᠠᠭᠠᠨ ᠤ | ᠭᠦᠢᠯᠭᠡᠭᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠦ ᠰᠧ ᠮᠢᠩ ᠬᠡᠯᠡᠪᠡ᠃ | ᠤᠯᠠᠭᠠᠨᠬᠠᠳᠠ ᠶᠢᠨ ᠣᠲᠣ ᠦᠶ᠎ᠡ ᠶᠢᠨ ᠣᠶᠤᠨᠴᠢ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠣᠮᠫᠠᠨᠢ ᠨᠢᠳᠤᠨᠤᠨ | ᠤ 8 ᠰᠠᠷ᠎ᠠ ᠳᠤ ᠪᠠᠶᠢᠭᠤᠯᠤᠭᠳᠠᠵᠤ᠂ ᠡᠭᠦᠳᠦᠨ ᠪᠠᠶᠢᠭᠤᠯᠬᠤ ᠡᠬᠢᠨ ᠤ ᠬᠤᠭᠤᠴᠠᠭᠠᠨ ᠳᠤ ᠪᠠᠷᠠᠭ᠎ᠠ ᠶᠢᠨ ᠢᠷᠡᠯᠲᠡ | ᠬᠦᠷᠦᠯᠴᠡᠬᠦ ᠦᠭᠡᠢ ᠠᠰᠠᠭᠤᠳᠠᠯ ᠲᠤᠯᠭᠠᠷᠠᠵᠤ ᠪᠠᠶᠢᠪᠠ᠃ ᠡᠨᠡ ᠵᠢᠯ ᠤᠨ 6 ᠳ᠋ᠤᠭᠠᠷ ᠰᠠᠷ᠎ᠠ ᠶᠢᠨ 28 ᠤ ᠡᠳᠦᠷ᠂ | ᠤᠯᠠᠭᠠᠨᠬᠠᠳᠠ ᠬᠤᠲᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ | ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ | ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠲᠤᠬᠠᠶ ᠵᠠᠰᠠᠭ ᠤᠨ ᠣᠷᠳᠣᠨ ᠠᠵᠤ | ᠠᠬᠤᠶᠢᠯᠠᠯ ᠤᠨ ᠲᠡᠭᠡᠭᠡᠪᠦᠷᠢ ᠶᠢᠨ ︿ᠬᠤᠶᠠᠷ ᠲᠠᠯ᠎ᠠ ᠠᠴᠠ ᠪᠠᠨ ᠡᠷᠢᠬᠦ﹀ ᠶᠠᠷᠢᠯᠴᠠᠬᠤ ᠬᠤᠷᠠᠯ︾ ᠬᠤᠷᠠᠯᠳᠤᠭᠤᠯᠵᠤ᠂ | ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷ ᠠᠰᠠᠭᠤᠳᠠᠯ ᠢ ᠨᠢ ᠰᠢᠶᠳᠪᠦᠷᠢᠯᠡᠵᠦ ᠥᠭᠪᠡ᠃ | ︽ᠮᠠᠨ ᠤ ᠺᠣᠮᠫᠠᠨᠢ ᠥᠩᠭᠡᠷᠡᠭᠰᠡᠨ ᠳᠤ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ ᠤᠯᠠᠮᠵᠢᠯᠠᠯᠲᠤ ᠲᠡᠭᠡᠭᠡᠪᠦᠷᠢ | ᠶᠢᠨ ᠠᠷᠭ᠎ᠠ ᠮᠠᠶ᠋ᠢᠭ ᠢ ᠠᠪᠴᠤ ᠪᠠᠶᠢᠪᠠ᠂ ᠲᠤᠬᠠᠶᠢᠯᠠᠪᠠᠯ ᠳᠠᠭᠠᠭᠠᠴᠢᠯᠠᠨ ᠲᠡᠭᠡᠭᠡᠪᠦᠷᠢᠯᠡᠬᠦ ᠬᠤᠳᠠᠯᠳᠤᠭᠠᠴᠢᠨ ᠨᠢ | ᠲᠡᠭᠡᠭᠡᠪᠦᠷᠢ ᠶᠢᠨ ᠬᠦᠴᠦᠨ ᠬᠠᠩᠭᠠᠵᠤ᠂ ᠲᠡᠷᠭᠡ ᠬᠥᠰᠬᠡ ᠶᠢᠨ ᠲᠡᠭᠡᠭᠡᠪᠦᠷᠢ ᠶᠢᠨ ᠪᠠᠶᠢᠳᠠᠯ ᠢ ᠮᠠᠨ ᠤ ᠺᠣᠮᠫᠠᠨᠢ ᠪᠥᠬᠦ | ᠶᠠᠪᠤᠴᠠ ᠳᠤ ᠬᠢᠨᠠᠨ ᠡᠵᠡᠮᠳᠡᠬᠦ ᠶᠢᠨ ᠠᠷᠭ᠎ᠠ ᠥᠬᠡᠶ ᠠᠴᠠ ᠪᠣᠯᠵᠤ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ | ᠲᠡᠭᠡᠭᠡᠪᠦᠷᠢᠯᠡᠬᠦ ᠵᠠᠮ ᠳᠤ ᠬᠤᠳᠠᠯᠳᠤᠬᠤ᠂ ᠰᠣᠯᠢᠬᠤ ᠦᠵᠡᠭᠳᠡᠯ ᠭᠠᠷᠳᠠᠭ᠃ ᠶᠠᠷᠢᠯᠴᠠᠬᠤ ᠬᠤᠷᠠᠯ ᠳᠡᠭᠡᠷ᠎ᠡ᠂ ᠪᠢᠳᠡ | ᠤᠯᠠᠭᠠᠨᠬᠠᠳᠠ ᠶᠢᠨ ᠣᠲᠣ ᠦᠶ᠎ᠡ ᠶᠢᠨ ᠤᠶᠤᠨᠴᠢ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠣᠮᠫᠠᠨᠢ ᠲᠡᠭᠡᠭᠡᠪᠦᠷᠢ | ᠶᠢᠨ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠪᠥᠬᠦ ᠶᠠᠪᠤᠴᠠ ᠳᠤ ᠪᠦᠷᠬᠦᠭᠦᠯᠬᠦ ᠶᠢᠨ ᠠᠷᠭ᠎ᠠ ᠥᠬᠡᠶ | ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠤᠰᠬᠠᠶᠢᠯᠠᠨ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ ᠲᠡᠭᠡᠭᠡᠪᠦᠷᠢᠯᠡᠬᠦ | ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠤᠳᠤᠯᠤᠨ ᠨᠡᠭᠡᠭᠡᠵᠦ᠂ ᠲᠡᠷᠭᠡ ᠬᠥᠰᠬᠡ ᠶᠢᠨ ᠪᠥᠬᠦ ᠶᠠᠪᠤᠴᠠ ᠳᠤ | ᠬᠢᠨᠠᠯᠲᠠ ᠬᠠᠮᠢᠶᠠᠷᠤᠯᠲᠠ ᠬᠢᠬᠦ ᠶᠢ ᠪᠡᠶᠡᠯᠡᠭᠦᠯᠵᠦ᠂ ᠶᠠᠭ ᠪᠢᠳᠡᠨ ᠤ ᠬᠦᠴᠢᠷ ᠠᠰᠠᠭᠤᠳᠠᠯ ᠢ ᠰᠢᠶᠳᠪᠦᠷᠢᠯᠡᠵᠦ | ᠴᠢᠳᠠᠨ᠎ᠠ᠃︾ ᠤᠯᠠᠭᠠᠨᠬᠠᠳᠠ ᠶᠢᠨ ᠫᠢᠩ ᠮᠧᠶ ᠨᠡᠭᠦᠷᠡᠰᠦᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠺᠣᠮᠫᠠᠨᠢ ᠨᠢ ᠤᠯᠠᠭᠠᠨᠬᠠᠳᠠ ᠶᠢᠨ ᠣᠲᠣ ᠦᠶ᠎ᠡ | ᠶᠢᠨ ᠤᠶᠤᠨᠴᠢ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠣᠮᠫᠠᠨᠢ ᠲᠠᠢ ᠵᠣᠯᠭᠠᠭᠤᠯᠤᠭᠰᠠᠨ ᠤ ᠳᠠᠷᠠᠭ᠎ᠠ᠂ ᠬᠤᠩ ᠱᠠᠨ | ᠤ ᠤᠶᠤᠨᠲᠤ ᠲᠡᠭᠡᠭᠡᠪᠦᠷᠢ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢᠶᠠᠷ ᠳᠡᠮᠵᠢᠨ᠂ ᠣᠳᠣᠬᠠᠨ ᠳᠤ | 400 ᠲᠦᠮᠡᠨ ᠲᠣᠨ ᠤ ᠬᠠᠩᠭᠠᠯᠭ᠎ᠠ ᠶᠢ ᠪᠠᠲᠤᠯᠠᠬᠤ ᠨᠡᠭᠦᠷᠡᠰᠦ ᠶᠢ ᠨᠢᠭᠡᠨᠲᠡ ᠲᠣᠬᠢᠷᠠᠭᠤᠯᠤᠨ ᠬᠦᠷᠭᠡᠵᠦ᠂ | ᠲᠡᠭᠡᠭᠡᠪᠦᠷᠢ ᠶᠢᠨ ᠶᠠᠪᠤᠴᠠ ᠳᠠᠬᠢ ᠬᠤᠷᠣᠭᠳᠠᠯ ᠢ ᠲᠤᠶᠢᠯ ᠤᠨ ᠶᠡᠭᠡ ᠪᠠᠷ ᠪᠠᠭᠠᠰᠬᠠᠵᠠᠶ ᠭᠡᠵᠡᠢ᠃ | ︽ᠬᠤᠶᠠᠷ ᠲᠠᠯ᠎ᠠ ᠠᠴᠠ ᠪᠠᠨ ᠡᠷᠢᠬᠦ︾ ᠶᠢ ᠵᠣᠯᠭᠠᠭᠤᠯᠬᠤ ᠲᠣᠭᠲᠠᠴᠠ ᠪᠣᠯ ᠳᠠᠷᠤᠶ ᠵᠠᠰᠠᠭ ᠤᠨ ᠣᠷᠳᠣᠨ | ᠠᠴᠠ ᠲᠠᠪᠴᠠᠩ ᠪᠠᠶᠢᠭᠤᠯᠵᠤ᠂ ᠪᠠᠷᠠᠭᠠᠨ ᠤ ᠡᠵᠡᠨ᠂ ᠠᠷᠠᠯᠵᠢᠶᠠᠴᠢᠨ ᠪᠤᠶᠤ ᠬᠡᠷᠡᠭᠯᠡᠭᠴᠢᠳ ᠳᠤ ᠥᠪᠡᠷ ᠤᠨ ᠥᠷᠲᠡᠭ | ᠢᠶᠠᠷ ᠳᠣᠤᠷ᠎ᠠ᠂ ᠦᠷ᠎ᠡ ᠪᠦᠲᠦᠮᠵᠢ ᠪᠠᠷ ᠥᠨᠳᠥᠷ᠂ ᠭᠠᠳᠠᠭᠰᠢᠯᠠᠭᠤᠯᠤᠯᠲᠠ ᠪᠠᠷ ᠪᠠᠭ᠎ᠠ ᠵᠠᠮ ᠬᠠᠷᠢᠯᠴᠠᠭ᠎ᠠ ᠪᠠᠷᠠᠭᠠᠨ ᠤ | ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠡᠷᠢᠵᠦ ᠥᠭᠴᠦ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ | ᠶᠢᠨ ᠠᠵᠤ ᠠᠬᠤᠶᠢᠯᠠᠯ ᠳᠤ ᠲᠣᠭᠲᠠᠪᠤᠷᠢᠲᠠᠶ᠂ ᠢᠲᠡᠭᠡᠯ ᠰᠠᠶᠢᠲᠠᠶ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠢ | ᠡᠷᠢᠵᠦ ᠥᠭᠴᠦ᠂ ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠬᠤ ᠶᠢ ᠵᠣᠷᠢᠭᠵᠢᠭᠤᠯᠵᠤ᠂ ︽ᠶᠡᠷᠦᠩᠬᠡᠶ ᠠᠴᠠ ᠶᠡᠷᠦᠩᠬᠡᠢ ᠳᠤ ᠬᠦᠷᠬᠦ︾ ᠪᠠᠷᠠᠭᠠᠨ ᠤ ᠭᠦᠶᠯᠭᠡᠭᠡ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ︽ᠲᠤᠬᠠᠶ ᠶᠢᠨ ᠭᠠᠵᠠᠷ ᠲᠤ ᠨᠢ ᠬᠦᠷᠴᠦ | ᠰᠤᠷᠪᠤᠯᠵᠢᠯᠠᠨ ᠪᠠᠶᠢᠴᠠᠭᠠᠨ ᠰᠤᠳᠤᠯᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ | ︿ᠬᠤᠶᠠᠷ ᠲᠠᠯ᠎ᠠ ᠠᠴᠠ ᠪᠠᠨ ᠡᠷᠢᠬᠦ﹀ ᠲᠣᠭᠲᠠᠴᠠ ᠶᠢ ᠨᠠᠶᠢᠳᠠᠪᠤᠷᠢᠵᠢᠭᠤᠯᠬᠤ ᠨᠢ ᠰᠢᠨ᠎ᠡ ᠠᠵᠤ ᠠᠬᠤᠶᠢᠯᠠᠯ ᠢ | ᠦᠳᠲᠡᠷ ᠲᠦᠷᠭᠡᠨ ᠢᠶᠠᠷ ᠦᠨᠳᠦᠰᠦᠯᠡᠭᠦᠯᠵᠦ ᠴᠢᠳᠠᠨ᠎ᠠ᠃︾ ᠭᠡᠵᠦ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠯᠢ ᠵᠠᠨ ᠵᠢᠶᠧ ᠬᠡᠯᠡᠪᠡ᠃ | ᠥᠪᠥᠷ ᠮᠣᠩᠭᠤᠯ ᠤᠨ ᠲᠡᠭᠡᠭᠡᠪᠦᠷᠢ ᠨᠢ ᠪᠥᠭᠡᠮ ᠲᠠᠸᠠᠷ᠂ ᠬᠤᠯᠠ ᠵᠠᠶ ᠶᠢᠨ ᠲᠡᠭᠡᠭᠡᠪᠦᠷᠢ ᠪᠠᠷ ᠭᠤᠣᠯ ᠪᠣᠯᠭᠠᠵᠤ᠂ | ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠡᠷᠡᠭᠴᠡᠭᠡ ᠶᠢᠨ ᠶᠡᠷᠦᠩᠬᠡᠶ ᠬᠡᠮᠵᠢᠶ᠎ᠡ ᠶᠡᠭᠡ ᠪᠠᠶᠢᠳᠠᠭ᠃ ᠭᠡᠲᠡᠯ᠎ᠡ | ᠣᠳᠣᠬᠠᠨ ᠳᠤ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠪᠠᠭ᠎ᠠ᠂ ᠲᠠᠷᠠᠬᠠᠶ᠂ | ᠪᠠᠭᠤᠷᠠᠶ ᠪᠠᠶᠢᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠢᠶᠠᠨ ᠰᠢᠭᠤᠳ ᠪᠦᠲᠦᠮᠵᠢᠲᠡᠶ ᠵᠠᠯᠭᠠᠯᠳᠤᠬᠤ ᠶᠢ | ᠪᠦᠷᠢᠯᠳᠦᠭᠦᠯᠬᠦ ᠳᠤ ᠪᠡᠷᠬᠡᠲᠡᠶ ᠪᠠᠶᠢᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠬᠢᠭᠡᠳ | ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠨᠢ ᠶᠡᠷᠦ ᠳᠤ ᠪᠠᠨ ᠭᠤᠷᠪᠠᠳᠠᠬᠢ ᠡᠲᠡᠭᠡᠳ ᠢ ᠬᠡᠷᠡᠭᠰᠡᠮᠡᠨᠵᠢᠨ ᠰᠠᠶ᠋ᠢ | ᠲᠡᠭᠡᠭᠡᠪᠦᠷᠢ ᠶᠢᠨ ᠬᠠᠮᠲᠤᠷᠠᠯᠴᠠᠭ᠎ᠠ ᠪᠠᠶᠢᠭᠤᠯᠵᠤ ᠴᠢᠳᠠᠨ᠎ᠠ᠂ ᠡᠨᠡ ᠨᠢ ᠮᠡᠳᠡᠭᠡ ᠵᠠᠩᠭᠢ ᠶᠢᠨ ᠥᠪᠡᠷ ᠤᠨ ᠥᠷᠲᠡᠭ ᠢ | ᠨᠡᠮᠡᠭᠳᠡᠭᠦᠯᠦᠭᠰᠡᠨ ᠨᠢ ᠳᠠᠮᠵᠢᠭ ᠥᠬᠡᠶ ᠶᠤᠮ᠃ | 5 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ︾ ︵ᠳᠣᠷᠣᠭᠰᠢ ︽ᠲᠥᠰᠦᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠲᠥᠰᠦᠯ︾ ᠳᠤ 5 ᠲᠠᠯ᠎ᠠ ᠠᠴᠠ 30 ᠵᠤᠷᠪᠤᠰ ᠳᠡᠮᠵᠢᠯᠭᠡ ᠶᠢᠨ | ᠲᠥᠷᠥ ᠶᠢᠨ ᠪᠣᠳᠣᠯᠭ᠎ᠠ ᠳᠤᠷᠠᠳᠴᠤ᠂ ᠡᠵᠡᠩᠨᠡᠯᠲᠡ ᠶᠢᠨ ᠥᠪᠡᠷ ᠤᠨ ᠥᠷᠲᠡᠭ ᠢᠶᠠᠷ ᠳᠣᠤᠷ᠎ᠠ᠂ ᠦᠷ᠎ᠡ ᠪᠦᠲᠦᠮᠵᠢ | ᠪᠠᠷ ᠥᠨᠳᠥᠷ᠂ ᠦᠶᠯᠡᠴᠢᠯᠡᠭᠡ ᠪᠠᠷ ᠴᠢᠩᠭ᠎ᠠ᠂ ᠶᠠᠰᠤ ᠴᠢᠨᠠᠷ ᠢᠶᠠᠷ ᠰᠠᠶᠢᠨ᠂ ᠲᠡᠷᠢᠭᠦᠨ ᠤ ᠮᠡᠷᠭᠡᠵᠢᠯ ᠤᠨ ᠵᠠᠭᠪᠤᠷ | ᠵᠡᠷᠭᠡ ᠭᠤᠤᠯᠯᠠᠬᠤ ᠥᠷᠢᠰᠦᠯᠳᠦᠬᠦ ᠬᠦᠴᠦᠨ ᠪᠠ ᠨᠠᠷᠠᠲᠠᠶ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠨᠢᠭᠡ | ᠪᠦᠯᠦᠭ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠬᠤ ᠪᠠᠷ ᠲᠥᠯᠥᠪᠯᠡᠪᠡ᠃ | ︽ᠮᠠᠨ ᠤ ᠣᠷᠣᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠣᠷᠳᠣ ᠬᠤᠭᠤᠴᠠᠭ᠎ᠠ ᠪᠠᠷ | ᠬᠠᠮᠲᠤᠷᠠᠯᠴᠠᠬᠤ ᠪᠠᠷᠠᠭᠠᠨ ᠤ ᠢᠷᠡᠯᠲᠡ ᠬᠦᠷᠦᠯᠴᠡᠬᠦ ᠥᠬᠡᠶ ᠪᠠᠶᠢᠵᠤ᠂ ᠶᠡᠭᠡ ᠬᠡᠮᠵᠢᠶᠡᠨ ᠤ ᠲᠠᠸᠠᠷ ᠦᠶᠯᠡᠳᠪᠦᠷᠢᠯᠡᠬᠦ | ᠠᠵᠤ ᠠᠬᠤᠶᠢᠯᠠᠯ ᠳᠤ ᠲᠡᠷᠭᠡ ᠡᠷᠢᠬᠦ ᠳᠤ ᠬᠦᠴᠢᠷ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠥᠨᠳᠥᠷ | ᠵᠡᠷᠭᠡ ᠪᠠᠶᠢᠳᠠᠯ ᠲᠤᠯᠭᠠᠷᠠᠵᠤ᠂ ︽ᠲᠥᠰᠦᠯ︾ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠳᠠᠮᠵᠢᠭᠤᠯᠤᠨ᠂ ᠪᠢᠳᠡ 2026 ᠣᠨ | ᠪᠣᠯᠬᠤ ᠳᠤ᠂ ᠥᠪᠥᠷ ᠮᠣᠩᠭᠤᠯ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ | ᠠᠬᠤᠶᠢᠯᠠᠯ ᠢ 50 ᠠᠴᠠ ᠳᠡᠭᠡᠭᠰᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠢᠭᠡᠴᠢ ᠪᠠᠷᠠᠭᠠᠨ ᠤ ᠡᠷᠭᠢᠯᠲᠡ ᠶᠢᠨ | ᠬᠡᠮᠵᠢᠶ᠎ᠡ ᠶᠢᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ 6% ᠪᠠᠭᠤᠷᠠᠭᠤᠯᠬᠤ ᠪᠠᠷ ᠲᠥᠯᠥᠪᠯᠡᠵᠦ | ᠪᠠᠶᠢᠨ᠎ᠠ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ | ᠦᠶᠯᠡᠴᠢᠯᠡᠭᠡᠨ ᠤ ᠭᠠᠵᠠᠷ ᠤᠨ ᠳᠠᠷᠤᠭ᠎ᠠ ᠭᠦᠸᠧ ᠶᠢᠩ ᠲᠠᠨᠢᠯᠴᠠᠭᠤᠯᠬᠤ ᠳᠤ ᠪᠠᠨ᠂ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠭᠤᠷᠪᠠᠨ ᠱᠠᠲᠤᠨ ᠤ | ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠪᠠ᠂ ᠲᠤᠬᠠᠶᠢᠯᠠᠪᠠᠯ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠰ ᠱᠠᠲᠤᠨ ᠤ ᠳᠤᠭᠤᠶᠢᠯᠠᠩ ᠪᠦᠷᠢ ᠬᠤᠶᠠᠷ | ᠠᠶᠢᠮᠠᠭ ᠬᠤᠲᠠ ᠲᠠᠢ ᠳᠠᠭᠠᠭᠠᠴᠢᠯᠠᠨ ᠬᠤᠯᠪᠣᠭᠠᠯᠠᠵᠤ᠂ ᠠᠶᠢᠮᠠᠭ ᠬᠤᠲᠠ ᠨᠢ ᠠᠵᠤ ᠠᠬᠤᠶᠢᠯᠠᠯ ᠳᠤ ᠪᠠᠷᠠᠭᠠᠨ ᠤ | ᠢᠷᠡᠯᠲᠡ᠂ ᠲᠤᠭ᠎ᠠ ᠪᠠᠷᠢᠮᠲᠠ ᠬᠠᠩᠭᠠᠬᠤ᠂ ᠲᠠᠯᠠᠪᠤᠷ ᠪᠠᠶᠢᠭᠤᠯᠬᠤ᠂ ᠢᠵᠢ ᠪᠥᠷᠢᠳᠦᠭᠦᠯᠬᠦ᠂ ᠦᠶᠯᠡᠴᠢᠯᠡᠭᠡ ᠶᠢ | ᠰᠢᠯᠢᠳᠡᠭᠵᠢᠭᠦᠯᠬᠦ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ ᠭᠡᠵᠡᠶ᠃ | ᠣᠳᠣᠬᠠᠨ ᠪᠣᠯᠲᠠᠯ᠎ᠠ᠂ ᠪᠥᠬᠦ ᠣᠷᠣᠨ ᠤ ᠡᠯ᠎ᠡ ᠭᠠᠵᠠᠷ ᠤᠨ ᠬᠢᠨ ︽ᠬᠤᠶᠠᠷ ᠲᠠᠯ᠎ᠠ ᠠᠴᠠ ᠪᠠᠨ ᠡᠷᠢᠬᠦ︾ | ᠵᠣᠯᠭᠠᠯᠴᠠᠭᠠᠨ ᠤ ᠬᠤᠷᠠᠯ ᠢ 24 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 65 ᠵᠠᠮ ᠲᠡᠭᠡᠭᠡᠪᠦᠷᠢ ᠶᠢᠨ | ᠠᠵᠤ ᠠᠬᠤᠶᠢᠯᠠᠯ ᠢ ᠬᠠᠮᠤᠷᠴᠤ᠂ 1293.6 ᠲᠦᠮᠡᠨ ᠲᠣᠨ ᠤ ᠣᠷᠳᠣ ᠬᠤᠭᠤᠴᠠᠭᠠᠨ ᠤ ᠲᠡᠭᠡᠭᠡᠪᠦᠷᠢ ᠶᠢᠨ | ᠵᠥᠪᠯᠡᠯᠴᠡᠭᠡᠷ ᠲᠣᠭᠲᠠᠪᠠ᠃ ᠡᠭᠦᠨ ᠳᠤ ᠦᠬᠠᠶ ᠬᠤᠲᠠ ᠶᠢᠨ ᠬᠠᠶ ᠢ ᠲᠦᠩ ᠰᠢᠨ᠎ᠡ ᠡᠨᠧᠷᠭᠢ ᠶᠢᠨ ᠲᠡᠭᠡᠭᠡᠪᠦᠷᠢ | ᠶᠢᠨ ᠠᠵᠤ ᠠᠬᠤᠶᠢᠯᠠᠯ ᠢ ᠲᠤᠬᠠᠶ ᠶᠢᠨ ᠭᠠᠵᠠᠷ ᠤᠨ ᠬᠡᠦᠷᠰᠢᠭᠦᠯᠬᠦ ᠠᠵᠤ ᠠᠬᠤᠶᠢᠯᠠᠯ᠂ ᠴᠠᠬᠢᠯᠭᠠᠨ ᠤ ᠦᠶᠯᠡᠳᠪᠦᠷᠢ᠂ | ᠨᠡᠭᠦᠷᠡᠰᠦᠨ ᠠᠭᠤᠷᠬᠠᠶ ᠯᠤᠭ᠎ᠠ 300 ᠲᠤᠨ ᠤ ᠣᠷᠳᠣ ᠬᠤᠭᠤᠴᠠᠭᠠᠨ ᠤ ᠲᠡᠭᠡᠭᠡᠪᠦᠷᠢ ᠶᠢᠨ ᠭᠡᠷ᠎ᠡ ᠲᠣᠭᠲᠠᠬᠤ ᠶᠢ | ᠠᠬᠢᠭᠤᠯᠪᠠ︔ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢ ᠵᠣᠬᠢᠴᠠᠭᠤᠯᠵᠤ ᠢᠯᠢ ᠳᠤ ᠦᠨᠢᠶᠡᠨ ᠰᠦ ᠶᠢᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ | ᠡᠭᠡᠯᠵᠢ ᠶᠢᠨ ᠭᠠᠯᠲᠤ ᠲᠡᠷᠭᠡ ᠶᠢ ᠨᠠᠮᠠᠨ ᠨᠡᠭᠡᠭᠡᠵᠦ ᠥᠭᠪᠡ︔ ᠨᠡᠭᠦᠷᠡᠰᠦ ᠲᠡᠭᠡᠭᠡᠪᠦᠷᠢᠯᠡᠬᠦ ᠳᠤᠮᠳᠠ ᠣᠷᠳᠣ | ᠬᠤᠭᠤᠴᠠᠭᠠᠨ ᠤ ᠭᠡᠷ᠎ᠡ ᠶᠢᠨ ᠭᠠᠷᠠᠮ ᠳᠤ ᠬᠦᠷᠴᠦ ᠭᠦᠶᠴᠡᠳᠬᠡᠬᠦ ᠨᠣᠷᠮ᠎ᠠ ᠶᠢ 39.4% ᠪᠠᠶᠢᠭᠰᠠᠨ ᠠᠴᠠ 90% | ᠪᠣᠯᠭᠠᠨ ᠳᠡᠭᠡᠭᠰᠢᠯᠡᠭᠦᠯᠬᠦ ᠶᠢ ᠠᠬᠢᠭᠤᠯᠪᠠ᠃ | ︽ᠮᠠᠨ ᠤ ᠲᠢᠩᠬᠢᠮ ᠠᠴᠠ ᠡᠯ᠎ᠡ ᠠᠶᠢᠮᠠᠭ ᠬᠤᠲᠠ ᠶᠢ ᠵᠢᠯᠣᠭᠤᠳᠤᠨ ᠮᠠᠨ ᠤ ᠣᠷᠣᠨ ᠤ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ ᠶᠢᠨ ᠠᠵᠤ ᠦᠶᠯᠡᠰ ᠤᠨ ᠬᠥᠭᠵᠢᠯᠲᠡ ᠶᠢᠨ ᠲᠦᠭᠵᠢᠷᠡᠯ ᠤᠨ ᠴᠡᠭ ᠤᠨ ᠠᠰᠠᠭᠤᠳᠠᠯ ᠢ | ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ︿ᠬᠤᠶᠠᠷ ᠲᠠᠯ᠎ᠠ ᠠᠴᠠ ᠪᠠᠨ ᠡᠷᠢᠬᠦ﹀ ᠶᠢ ᠵᠣᠯᠭᠠᠭᠤᠯᠬᠤ ᠠᠵᠢᠯ | ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠶ | ᠬᠦᠴᠢᠷᠳᠡᠯ ᠢ ᠪᠦᠲᠦᠮᠵᠢᠲᠡᠶ ᠰᠢᠶᠳᠪᠦᠷᠢᠯᠡᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ | ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ ᠪᠤᠵᠠᠭᠠᠶᠢᠷᠠᠭᠤᠯᠤᠨ᠎ᠠ᠃︾ ᠭᠡᠵᠦ ᠭᠦᠸᠧ ᠶᠢᠩ ᠬᠡᠯᠡᠪᠡ᠃ | | |