S27 ᠬᠥᠬᠡᠬᠤᠲᠠ ᠠᠴᠠ ᠣᠷᠳᠣᠰ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ︵ᠣᠷᠳᠣᠰ ᠤᠨ ᠬᠡᠰᠡᠭ︶ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2024/10/24
    10 ᠳ᠋ᠤᠭᠠᠷ ᠰᠠᠷ᠎ᠠ ᠶᠢᠨ 15 ᠤ ᠡᠳᠦᠷ᠂ S27 ᠬᠥᠬᠡᠬᠤᠲᠠ ᠠᠴᠠ ᠣᠷᠳᠣᠰ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ︵ᠣᠷᠳᠣᠰ ᠤᠨ ᠬᠡᠰᠡᠭ︶ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠬᠢᠭᠡᠳ ᠭᠠᠵᠠᠷ ᠰᠣᠩᠭᠤᠬᠤ ᠰᠠᠨᠠᠯ ᠤᠨ ᠪᠢᠴᠢᠭ ᠤᠨ ᠴᠣᠬᠤᠯᠠᠪᠤᠷᠢ ᠶᠢ ᠣᠯᠵᠤ᠂ ᠲᠠᠷᠠᠭᠠᠴᠢ ᠶᠢᠨ ᠠᠯᠬᠤᠮ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠴᠣᠬᠤᠯᠠᠪᠤᠷᠢ ᠳᠤ ᠰᠠᠭᠤᠷᠢ ᠲᠠᠯᠪᠢᠪᠠ᠃      ᠲᠣᠰ ᠲᠥᠷᠥᠯ ᠵᠦᠢᠯ ᠤᠨ ᠵᠠᠮ ᠱᠤᠭᠤᠮ ᠤᠨ ᠪᠥᠬᠦ ᠣᠷᠳᠣ ᠨᠢ ᠪᠠᠷᠤᠭ 127.75 ᠺᠢᠯᠣᠮᠧᠲᠷ ᠪᠠᠶᠢᠵᠤ᠂ ᠭᠤᠣᠯ ᠱᠤᠭᠤᠮ ᠤᠨ ᠡᠬᠢᠯᠡᠯᠲᠡ ᠶᠢᠨ ᠴᠡᠭ ᠨᠢ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ  ᠤ ᠵᠡᠭᠦᠨ ᠯᠢᠦ ᠯᠢᠨ ᠲᠠᠨ ᠣᠷᠴᠢᠮ ᠪᠠᠶᠢᠵᠤ᠂ ᠪᠠᠶᠢᠭᠤᠯᠬᠤ ᠪᠠᠷ ᠪᠠᠶᠢᠭ᠎ᠠ S27 ᠬᠥᠬᠡᠬᠤᠲᠠ ᠠᠴᠠ ᠣᠷᠳᠣᠰ ᠤᠨ ᠳᠡᠭᠡᠳᠦ ᠬᠤᠷᠳᠤ ᠶᠢᠨ ᠵᠠᠰᠠᠮᠠᠯ ᠵᠠᠮ ︵ᠬᠥᠬᠡᠬᠤᠲᠠ ᠶᠢᠨ ᠬᠡᠰᠡᠭ︶ ᠲᠠᠢ ᠵᠠᠯᠭᠠᠯᠳᠤᠵᠤ᠂ ᠪᠠᠷᠠᠭᠤᠨ ᠡᠮᠦᠨᠡᠰᠢ ᠪᠠᠨ ᠬᠠᠲᠤᠨ ᠭᠤᠤᠯ ᠢ ᠰᠤᠨᠳᠠᠯᠠᠭᠰᠠᠨ ᠤ ᠳᠠᠷᠠᠭ᠎ᠠ᠂ ᠱᠢ ᠡᠯ ᠯᠢᠶᠠᠨ ᠴᠧᠩ ᠬᠤᠲᠠ ᠶᠢᠨ ᠵᠡᠭᠦᠨ᠂ ᠪᠣᠷᠤᠲᠣᠬᠤᠢ ᠶᠢᠨ ᠪᠠᠷᠠᠭᠤᠨ᠂ ᠲᠦᠩ ᠴᠤᠸᠠᠨ ᠤ ᠵᠡᠭᠦᠨ ᠬᠡᠰᠡᠭ ᠢᠶᠠᠷ ᠥᠩᠭᠡᠷᠡᠵᠦ᠂ ᠡᠴᠦᠰ ᠤᠨ ᠴᠡᠭ ᠨᠢ ᠭᠡᠳᠡᠷᠬᠡ ᠬᠠᠷᠢᠯᠴᠠᠨ ᠨᠡᠪᠲᠡᠷᠡᠬᠦ ᠵᠠᠮ ᠤᠨ ᠬᠤᠶᠢᠲᠤ ᠲᠠᠯ᠎ᠠ ᠶᠢᠨ G65 ᠪᠣᠭᠤᠲᠣ ᠠᠴᠠ ᠮᠣᠤᠮᠢᠩ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ K136+830 ᠬᠡᠰᠡᠭ ᠲᠤ ᠪᠠᠶᠢᠵᠤ᠂ G65 ᠪᠣᠭᠤᠲᠣ ᠠᠴᠠ ᠮᠣᠤᠮᠢᠩ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠲᠠᠢ ᠰᠣᠯᠪᠢᠴᠠᠨ᠎ᠠ᠃     ᠲᠦᠷᠦᠯ ᠵᠦᠢᠯ ᠨᠢ ᠬᠤᠣᠰ ᠴᠢᠭᠯᠡᠯᠲᠦ 4 ᠲᠡᠷᠭᠡᠨ ᠵᠠᠮ᠂ ᠴᠠᠭ ᠤᠨ ᠬᠤᠷᠳᠤᠴᠠ ᠶᠢ 120 ᠺᠢᠯᠣᠮᠧᠲᠷ ᠤᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠦᠲᠦᠭᠡᠨ ᠪᠠᠶᠢᠭᠤᠯᠤᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠣᠳᠣᠬᠠᠨ ᠤ ᠱᠤᠭᠤᠮ ᠲᠠᠢ ᠬᠠᠷᠢᠴᠠᠭᠤᠯᠪᠠᠯ᠂ ᠣᠷᠳᠣᠰ ᠠᠴᠠ ᠬᠥᠬᠡᠬᠤᠲᠠ ᠳᠤ ᠨᠡᠪᠲᠡᠷᠡᠬᠦ ᠴᠠᠭ ᠢ 2 ᠴᠠᠭ ᠪᠣᠯᠭᠠᠨ ᠪᠣᠭᠤᠨᠢᠰᠬᠠᠵᠤ᠂ ᠬᠤᠶᠠᠷ ᠬᠤᠳᠠ ᠶᠢᠨ ᠬᠤᠭᠤᠷᠣᠨᠳᠣ ᠬᠠᠮᠤᠭ ᠤᠨ ᠣᠬᠤᠷ᠂ ᠬᠠᠮᠤᠭ ᠤᠨ ᠲᠦᠷᠭᠡᠨ᠂ ᠬᠠᠮᠤᠭ ᠤᠨ ᠰᠢᠭᠤᠳ ᠨᠡᠪᠲᠡᠷᠡᠬᠦ ᠳᠡᠭᠡᠳᠤ ᠬᠤᠷᠳᠤ ᠶᠢᠨ ᠵᠠᠰᠠᠮᠠᠯ ᠵᠠᠮ ᠬᠠᠩᠭᠠᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号