ᠬᠤᠯᠪᠤᠭ᠎ᠠ ᠠᠴᠠ ᠲᠦᠩᠯᠢᠶᠣᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠯᠪᠤᠬᠤ ᠱᠤᠭᠤᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠠᠵᠢᠯ ᠳᠠᠭᠤᠰᠪᠠ
ᠨᠡᠶᠢᠲᠡᠯᠡᠭᠰᠡᠨ ᠴᠠᠭ᠄
2024/10/24
    10 ᠳ᠋ᠤᠭᠠᠷ ᠰᠠᠷ᠎ᠠ ᠶᠢᠨ 17 ᠤ ᠡᠳᠦᠷ᠂ ᠬᠤᠯᠪᠤᠭ᠎ᠠ ᠠᠴᠠ ᠲᠦᠩᠯᠢᠶᠣᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠯᠪᠣᠬᠤ ᠱᠤᠭᠤᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 
 202410241730.jpg
    ᠲᠣᠰ ᠲᠥᠷᠥᠯ ᠵᠦᠢᠯ ᠨᠢ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ 305 ᠮᠤᠵᠢ ᠶᠢᠨ ᠵᠠᠮ ᠤᠨ ᠭᠠᠨ ᠺᠦ᠋ ᠫᠢᠩ ᠨᠢᠭᠡᠳᠦᠭᠡᠷ ᠳᠡᠰ ᠤᠨ ᠵᠠᠰᠠᠮᠠᠯ ᠵᠠᠮ ᠤᠨ ᠨᠥᠬᠦᠪᠥᠷᠢ ᠪᠠᠷᠢᠯᠭ᠎ᠠ ᠪᠠᠶᠢᠵᠤ᠂ ᠪᠥᠬᠦ ᠣᠷᠳᠣ ᠨᠢ ᠪᠠᠷᠤᠭ 6.06 ᠺᠢᠯᠦᠮᠧᠲᠷ ᠪᠣᠯᠤᠨ᠎ᠠ᠃ ᠨᠢᠭᠡᠳᠦᠭᠡᠷ ᠳᠡᠰ ᠤᠨ ᠵᠠᠰᠠᠮᠠᠯ ᠵᠠᠮ ᠤᠨ  ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ ᠴᠠᠭ ᠲᠤ 80 ᠺᠢᠯᠣᠮᠧᠲᠷ᠃    ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠤ ᠳᠠᠷᠠᠭ᠎ᠠ᠂ ᠬᠤᠯᠪᠤᠭ᠎ᠠ ᠠᠴᠠ ᠲᠦᠩᠯᠢᠶᠣᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠪᠠ 305 ᠮᠤᠵᠢ ᠶᠢᠨ ᠵᠠᠮ ᠢ ᠨᠡᠪᠲᠡᠷᠡᠭᠦᠯᠵᠦ᠂          ︽ᠮᠤᠬᠤᠷ ᠵᠠᠮ︾ ᠢ ᠨᠡᠪᠲᠡᠷᠡᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ ᠵᠦᠢᠯ ᠢ ᠪᠠᠶᠢᠭᠤᠯᠤᠭᠰᠠᠨ ᠨᠢ ᠣᠷᠣᠨ ᠪᠦᠰᠡ ᠶᠢᠨ ᠡᠬᠢ ᠪᠠᠶᠠᠯᠢᠭ ᠢ ᠪᠦᠲᠦᠮᠵᠢᠲᠡᠶ ᠠᠮᠢᠳᠤᠯᠢᠭ ᠪᠣᠯᠭᠠᠵᠤ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠮ ᠳᠠᠭᠠᠤ ᠶᠢᠨ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号