ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾ ᠤ ᠠᠮᠤᠷ ᠲᠦᠪᠰᠢᠨ ᠤ ᠰᠢᠯᠭᠠᠨ ᠬᠢᠨᠠᠯᠲᠠ ᠳᠤ ᠢᠩᠭᠢᠵᠦ ᠬᠢᠨ᠎ᠡ
ᠨᠡᠶᠢᠲᠡᠯᠡᠭᠰᠡᠨ ᠴᠠᠭ᠄
2024/10/24
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠵᠢᠴᠢ ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵︽ᠬᠤᠶᠠᠷ ᠲᠥᠷᠥᠯ  ᠤᠨ ᠠᠵᠢᠯᠲᠠᠨ︾ ᠭᠡᠵᠦ ᠲᠣᠪᠴᠢᠯᠠᠨ᠎ᠠ︶ ᠤ ᠠᠮᠤᠷ ᠲᠦᠪᠰᠢᠨ ᠤ ᠰᠢᠯᠭᠠᠨ ᠬᠢᠨᠠᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃    ᠮᠡᠳᠡᠭᠳᠡᠯ ᠳᠤ᠂ ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠡᠭᠦᠨ ᠤ           ︽ᠬᠤᠶᠠᠷ ᠲᠥᠷᠥᠯ ᠤᠨ ᠠᠵᠢᠯᠲᠠᠨ︾ ᠤ ᠠᠮᠤᠷ ᠲᠦᠪᠰᠢᠨ ᠤ ᠬᠡᠪ ᠴᠢᠨᠠᠷ ᠪᠠ ᠴᠢᠳᠠᠪᠤᠷᠢ ᠨᠢ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠳᠤ ᠰᠢᠭᠤᠳ ᠬᠤᠯᠪᠣᠭᠳᠠᠵᠤ᠂ ᠡᠨᠡ ᠬᠡᠰᠡᠭ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ ᠨᠠᠩ ᠴᠤ ᠲᠤᠯᠭᠠᠮ᠎ᠠ ᠪᠥᠭᠡᠳ ᠴᠢᠬᠤᠯᠠ ᠪᠠᠶᠢᠳᠠᠭ ᠭᠡᠵᠦ ᠵᠢᠭᠠᠵᠤ ᠭᠠᠷᠭᠠᠪᠠ᠃    ᠰᠢᠯᠭᠠᠨ ᠬᠢᠨᠠᠬᠤ ᠶᠠᠪᠤᠴᠠ ᠨᠢ ᠲᠣᠳᠣᠷᠬᠠᠶ ᠪᠥᠭᠡᠳ ᠵᠢᠷᠤᠮᠵᠢᠭᠤᠨ ᠲᠥᠪ ᠴᠢᠩᠭ᠎ᠠ   ᠰᠢᠯᠭᠠᠨ ᠬᠢᠨᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠡᠳᠡᠭᠳᠡᠯ  ᠳᠤ ᠰᠢᠯᠭᠠᠨ ᠬᠢᠨᠠᠬᠤ ᠪᠠᠷ ᠭᠤᠶᠤᠴᠢᠯᠠᠬᠤ᠂ ᠦᠶᠯᠡᠴᠢᠯᠡᠬᠦ ᠨᠢᠭᠡᠴᠢ ᠶᠢ ᠬᠤᠪᠢᠷᠠᠭᠤᠯᠬᠤ᠂ ᠬᠢᠷᠢ ᠲᠡᠩᠴᠡᠭᠰᠡᠨ ᠭᠡᠷᠡᠴᠢ ᠶᠢ ᠬᠤᠶᠢᠰᠢᠯᠠᠭᠤᠯᠤᠨ ᠭᠤᠶᠤᠴᠢᠯᠠᠬᠤ ᠵᠢᠴᠢ ᠬᠦᠴᠦᠨ ᠥᠬᠡᠶ ᠪᠣᠯᠭᠠᠬᠤ ᠵᠡᠷᠭᠡ ᠪᠣᠳᠠᠲᠠᠶ ᠶᠡᠪᠤᠴᠠ ᠶᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠪᠣᠭᠤᠮᠲᠠ ᠶᠢ ᠴᠢᠩᠭ᠎ᠠ ᠰᠠᠬᠢᠵᠤ᠂ ᠰᠢᠯᠭᠠᠨ ᠬᠢᠨᠠᠬᠤ ᠠᠵᠢᠯ ᠤᠨ ᠵᠢᠷᠤᠮᠵᠢᠯᠳᠤ ᠴᠢᠨᠠᠷ ᠪᠠ ᠲᠥᠪ ᠴᠢᠩᠭ᠎ᠠ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠳᠬᠠᠪᠠ    ᠮᠡᠳᠡᠭᠳᠡᠯ ᠳᠤ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠵᠢᠭᠠᠨ ᠵᠢᠯᠣᠭᠤᠳᠬᠤ᠂ ᠱᠠᠯᠠᠪᠳᠠᠭᠤᠯᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠵᠦ᠂      ︽ᠬᠤᠶᠠᠷ ᠲᠥᠷᠥᠯ ᠤᠨ ᠠᠵᠢᠯᠲᠠᠨ︾ ᠤ ᠠᠮᠤᠷ ᠲᠦᠪᠰᠢᠨ ᠤ ᠰᠢᠯᠭᠠᠨ ᠬᠢᠨᠠᠬᠤ ᠳᠤ ᠣᠷᠣᠯᠴᠠᠬᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠵᠡᠷᠭᠡ ᠪᠠᠶᠢᠳᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠲᠡᠭᠡᠭᠡᠪᠦᠷᠢ ᠪᠠ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾ ᠤ ᠵᠠᠮ ᠲᠡᠭᠡᠭᠡᠪᠦᠷᠢ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠵᠦ ᠪᠠᠶᠢᠭ᠎ᠠ 6 ᠰᠠᠷ᠎ᠠ ᠶᠢᠨ ᠳᠣᠲᠣᠷ᠎ᠠ ᠠᠮᠤᠷ ᠲᠦᠪᠰᠢᠨ ᠤ ᠰᠢᠯᠭᠠᠨ ᠬᠢᠨᠠᠬᠤ ᠠᠵᠢᠯ ᠳᠤ ᠣᠷᠣᠯᠴᠠᠬᠤ ᠶᠢᠨ ᠬᠠᠮᠲᠤ 1 ᠵᠢᠯ ᠤᠨ ᠳᠣᠲᠣᠷ᠎ᠠ ᠰᠢᠯᠭᠠᠨ ᠬᠢᠨᠠᠯᠲᠠ ᠳᠤ ᠬᠢᠷᠢ ᠲᠡᠩᠴᠡᠭᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠦᠷ᠎ᠡ ᠪᠦᠲᠦᠮᠵᠢ ᠢᠯᠡᠳᠲᠡ ᠦᠷᠭᠦᠯᠵᠢᠯᠡᠨ ᠴᠢᠩᠭᠠᠯᠠᠪᠠ   2024 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 1.6 ᠲᠦᠮᠡᠨ ᠬᠥᠮᠦᠨ ᠵᠠᠮ ᠲᠡᠭᠡᠭᠡᠪᠦᠷᠢ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠶᠠᠷ ᠲᠥᠷᠥᠯ ᠤᠨ ᠠᠵᠢᠯᠲᠠᠨ︾ ᠤ ᠠᠮᠤᠷ ᠲᠦᠪᠰᠢᠨ ᠤ ᠰᠢᠯᠭᠠᠨ ᠬᠢᠨᠠᠯᠲᠠ ᠶᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ  ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂      ︽ᠬᠤᠶᠠᠷ ᠲᠥᠷᠥᠯ ᠤᠨ ᠠᠵᠢᠯᠲᠠᠨ︾ ᠤ ᠠᠮᠤᠷ ᠲᠦᠪᠰᠢᠨ ᠤ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠦᠶᠯᠡᠳᠪᠦᠷᠢᠯᠡᠯ ᠤᠨ ᠠᠮᠤᠷ ᠲᠦᠪᠰᠢᠨ ᠤ ᠠᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠨᠠᠩ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号