ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2024 - 2027 ᠣᠨ︶︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/10/29
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠠᠴᠠ ᠳᠣᠤᠷ᠎ᠠ ᠠᠭᠠᠷ ᠤᠨ ᠠᠵᠤ ᠠᠬᠤᠶ ᠶᠢ ᠪᠣᠶᠢᠵᠢᠭᠤᠯᠤᠨ᠎ᠠ ᠭᠡᠵᠦ ᠳᠤᠷᠠᠳᠪᠠ᠃ 10 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠤᠷ᠎ᠠ ᠠᠭᠠᠷ ᠎ ᠤᠨ ᠪᠠᠷᠠᠭᠠᠨ ᠤ ᠭᠦᠢᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2024 - 2027 ᠣᠨ︶︾᠎ ᠢ ᠳᠠᠷᠤᠮᠠᠯᠯᠠᠨ ᠲᠠᠷᠬᠠᠭᠠᠪᠠ᠃     ᠬᠥᠭᠵᠢᠯᠲᠡ ᠶᠢᠨ ᠬᠠᠷᠠᠯᠲᠠ     2027 ᠣᠨ ᠤ ᠡᠴᠦᠰ ᠪᠣᠯᠬᠤ ᠳᠤ᠂ ᠪᠥᠬᠦ ᠣᠷᠣᠨ ᠤ ᠳᠣᠤᠷ᠎ᠠ ᠠᠭᠠᠷ ᠤᠨ ᠣᠷᠣᠨ ᠢ ᠭᠦᠶᠴᠡᠳ ᠪᠠᠳᠠᠷᠠᠭᠤᠯᠵᠤ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢ ᠪᠦᠲᠦᠮᠵᠢᠲᠡᠶ ᠬᠠᠮᠤᠷᠤᠨ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠲᠤᠬᠠᠶᠢᠯᠠᠭᠰᠠᠨ ᠠᠵᠢᠯ ᠢ ᠠᠩᠬ᠎ᠠ ᠠᠯᠬᠤᠮ ᠬᠡᠪᠴᠢᠶᠡᠵᠢᠭᠦᠯᠵᠦ᠂ ᠨᠡᠶᠢᠲᠡᠯᠢᠭ ᠲᠠᠯᠠᠪᠤᠷ ᠢ ᠭᠦᠶᠴᠡᠳ ᠬᠡᠷᠡᠭᠯᠡᠨ᠂ ᠰᠠᠯᠪᠤᠷᠢ ᠱᠤᠭᠤᠮ ᠤᠨ ᠪᠠᠷᠠᠭᠠᠨ ᠤ ᠭᠦᠢᠯᠭᠡᠭᠡ ᠶᠢ ᠬᠡᠪᠰᠢᠭᠦᠯᠦᠨ ᠠᠵᠢᠯᠯᠠᠭᠤᠯᠵᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠎ ᠨᠢ ᠢᠯᠡᠷᠬᠡᠢ ᠪᠠᠶᠢᠳᠠᠭ᠃ 500 ᠵᠢᠯᠣᠭᠤᠴᠢ ᠦᠭᠡᠶ ᠨᠢᠰᠬᠡᠯ ᠤᠨ ᠠᠦ᠋ᠲ᠋ᠣ᠋ ᠪᠠᠭᠤᠳᠠᠯ ᠪᠣᠯᠤᠨ ᠡᠭᠴᠡ ᠪᠠᠷ ᠨᠢᠰᠴᠦ ᠪᠠᠭᠤᠬᠤ ᠪᠠᠭᠤᠳᠠᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠭᠤᠣᠯ ᠦᠢᠯᠡᠴᠢᠯᠡᠭᠡᠨ ᠤ ᠣᠷᠣᠨ ᠤ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ ᠳᠣᠬᠢᠶ᠎ᠠ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠴᠢᠳᠠᠮᠵᠢ ᠲᠠᠢ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ 29 ᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠤᠳᠠ ᠶᠢᠨ ᠲᠡᠷᠡ ᠳᠣᠣᠷ᠎ᠠ ᠨᠢ ᠲᠤᠬᠢᠷᠠᠭᠤᠯᠤᠨ ᠬᠦᠷᠭᠡᠬᠦ᠂ ᠡᠮᠨᠡᠯᠭᠡ ᠶᠢᠨ ᠲᠤᠬᠢᠷᠠᠭᠤᠯᠤᠨ ᠬᠦᠷᠭᠡᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠰᠣᠷᠭᠤᠭ ᠠᠮᠢᠳᠤ ᠪᠦᠲᠦᠭᠡᠭᠳᠡᠬᠦᠨ ᠢ ᠲᠤᠬᠢᠷᠠᠭᠤᠯᠤᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭ᠎ᠠ ᠶᠢᠨ ᠲᠡᠭᠡᠭᠡᠪᠦᠷᠢ᠂ ᠵᠠᠮ ᠬᠠᠷᠢᠯᠴᠠᠭ᠎ᠠ ᠳᠥᠭᠦᠮ ᠦᠭᠡᠢ ᠵᠡᠷᠭᠡ ᠣᠨᠴᠠᠭᠠᠢ ᠭᠠᠵᠠᠷ ᠣᠷᠣᠨ ᠤ ᠪᠠᠷᠠᠭᠠᠨ ᠤ ᠭᠦᠢᠯᠭᠡᠭᠡ ᠂ ᠰᠠᠯᠪᠤᠷᠢ ᠱᠤᠭᠤᠮ ᠤᠨ ᠪᠠᠷᠠᠭᠠᠨ ᠤ ᠭᠦᠢᠯᠭᠡᠭᠡ ᠵᠡᠷᠭᠡ 6 ᠳᠦᠷᠦᠯ ᠤᠨ ᠬᠡᠷᠡᠭᠯᠡᠭᠡᠨ ᠤ ᠲᠠᠯᠠᠪᠤᠷ ᠢ ᠥᠷᠭᠡᠵᠢᠭᠦᠯᠦᠨ᠂ 15 ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠬᠡᠷᠡᠭᠯᠡᠭᠡᠨ ᠤ ᠲᠠᠯᠠᠪᠤᠷ ᠤᠨ ᠦᠯᠢᠭᠡᠷ ᠶᠠᠩᠵᠤ ᠶᠢᠨ ᠳᠦᠷᠦᠯ ᠵᠦᠢᠯ ᠢ ᠴᠣᠭᠴᠠᠯᠠᠵᠤ᠂ 10 ᠵᠤᠷᠪᠤᠰ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠬᠡᠪᠰᠢᠭᠰᠡᠨ ᠠᠶᠠᠯᠠᠯ ᠤᠨ ᠱᠤᠭᠤᠮ ᠢ ᠨᠡᠭᠡᠭᠡᠨ᠎ᠡ᠃     ᠭᠤᠣᠯ ᠡᠭᠦᠷᠭᠡ     ᠨᠢᠭᠡ ᠳᠤ᠂ ᠳᠣᠤᠷ᠎ᠠ ᠠᠭᠠᠷ ᠤᠨ ᠣᠷᠣᠨ ᠤ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠎ᠠ᠃ ᠳᠣᠤᠷ᠎ᠠ ᠠᠭᠠᠷ ᠎ ᠤᠨ ᠪᠠᠷᠠᠭᠠᠨ ᠤ ᠭᠦᠢᠯᠭᠡᠭᠡ ᠶᠢᠨ ᠬᠡᠷᠡᠭᠯᠡᠬᠦ ᠠᠭᠠᠷ ᠤᠨ ᠣᠷᠣᠨ ᠢ ᠥᠷᠭᠡᠳᠬᠡᠵᠦ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠲᠣᠭᠲᠠᠮᠠᠯ ᠠᠶᠠᠯᠠᠯ ᠤᠨ ᠱᠤᠭᠤᠮ ᠢ ᠨᠡᠮᠡᠵᠦ ᠪᠠᠶᠢᠷᠢᠯᠠᠭᠤᠯᠬᠤ ᠶᠢ ᠳᠡᠮᠵᠢᠵᠦ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠠᠵᠢᠯᠯᠠᠭᠠᠨ ᠤ ᠲᠠᠪᠴᠠᠩ ᠢ ᠪᠥᠲᠥᠭᠡᠨ ᠪᠠᠶᠢᠭᠤᠯᠤᠨ᠎ᠠ᠃     ᠬᠤᠶᠠᠷ ᠲᠤ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠦᠵᠦᠭᠦᠷ ᠤᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠴᠡᠭ ᠲᠤ ᠵᠢᠯᠣᠭᠤᠴᠢ ᠦᠭᠡᠶ ᠨᠢᠰᠬᠡᠯ ᠤᠨ ᠨᠢᠰᠴᠦ ᠪᠠᠭᠤᠬᠤ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠨᠥᠬᠦᠪᠥᠷᠢᠯᠡᠨ᠂ ᠣᠳᠣ ᠶᠢᠨ ᠪᠠᠶᠢᠭ᠎ᠠ ᠨᠢᠰᠬᠡᠯ ᠤᠨ ᠪᠠᠭᠤᠳᠠᠯ ᠤᠨ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠴᠢᠳᠠᠮᠵᠢ ᠶᠢ ᠴᠢᠩᠭᠠᠷᠠᠭᠤᠯᠤᠨ᠎ᠠ᠃     ᠭᠤᠷᠪᠠ ᠳᠤ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠣᠯᠠᠨ ᠡᠰᠢᠵᠢᠭᠰᠡᠨ ᠪᠠᠶᠢᠳᠠᠯ ᠢ ᠨᠡᠭᠡᠭᠡᠨ ᠬᠥᠭᠵᠢᠭᠦᠯᠵᠦ᠂ ᠦᠵᠦᠭᠦᠷ ᠤᠨ ᠳᠣᠭᠢᠷᠠᠭᠤᠯᠤᠨ ᠬᠦᠷᠭᠡᠬᠦ᠂ ᠡᠮᠨᠡᠯᠭᠡ ᠶᠢᠨ ᠳᠣᠭᠢᠷᠠᠭᠤᠯᠤᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭ᠎ᠠ ᠶᠢᠨ ᠲᠡᠭᠡᠭᠡᠪᠦᠷᠢ ᠵᠡᠷᠭᠡ ᠬᠡᠷᠡᠭᠯᠡᠭᠡᠨ ᠤ ᠪᠠᠶᠢᠳᠠᠯ ᠢ ᠪᠣᠶᠢᠵᠢᠭᠤᠯᠤᠨ ᠥᠷᠭᠡᠳᠬᠡᠵᠦ᠂ ᠰᠠᠯᠪᠤᠷᠢ ᠱᠤᠭᠤᠮ ᠤᠨ ᠪᠠᠷᠠᠭᠠᠨ ᠤ ᠭᠦᠢᠯᠭᠡᠭᠡ ᠶᠢᠨ ᠲᠤᠰᠬᠠᠶ ᠱᠤᠭᠤᠮ ᠢ ᠨᠡᠪᠲᠡᠷᠡᠭᠦᠯᠦᠨ᠎ᠡ᠃     ᠳᠥᠷᠪᠡ ᠳᠤ᠂ ᠳᠣᠤᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠪᠣᠶ ᠪᠣᠯᠭᠠᠵᠤ᠂ ᠳᠣᠤᠷ᠎ᠠ ᠠᠭᠠᠷ ᠤᠨ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ︽ᠭᠤᠤᠯ — ᠰᠠᠯᠪᠤᠷᠢ — ᠲᠡᠭᠦᠰᠬᠡᠯ︾᠎ ᠢ ᠠᠭᠤᠰᠤᠯᠴᠠᠭᠤᠯᠤᠨ ᠬᠡᠷᠡᠭᠯᠡᠬᠦ ᠰᠢᠨ᠎ᠡ ᠵᠠᠭᠪᠤᠷ ᠲᠤ ᠰᠢᠨ᠎ᠡ ᠶᠢ ᠡᠭᠦᠳᠴᠦ᠂ ᠪᠥᠬᠦ ᠣᠷᠣᠨ ᠤ ᠳᠣᠤᠷ᠎ᠠ ᠠᠭᠠᠷ ᠤᠨ ᠪᠠᠷᠠᠭᠠᠨ ᠤ  ᠭᠦᠢᠯᠭᠡᠭᠡ ᠶᠢᠨ ᠠᠵᠤ ᠦᠶᠯᠡᠰ ᠤᠨ ᠬᠥᠭᠵᠢᠯᠲᠡ ᠶᠢ ᠳᠠᠶᠢᠴᠢᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号