ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠶᠠᠪᠤᠭᠤᠯᠤᠭᠰᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ | ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ | ᠪᠣᠯᠬᠤ ᠪᠥᠭᠡᠳ ᠵᠢᠩᠬᠢᠨᠢ ᠲᠢᠩᠬᠢᠮ ᠤᠨ ᠳᠡᠰ ᠪᠣᠯᠤᠨ᠎ᠠ᠃ | ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ | ᠳᠤ ᠨᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠥᠷᠢᠮ | ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ | ᠪᠦᠬᠦᠢ ᠲᠥᠯᠥᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠦᠬᠦᠢ | ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | ︵ᠬᠤᠶᠠᠷ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ | ᠲᠠᠯᠪᠢᠨ ᠵᠢᠯᠣᠭᠤᠳᠤᠨ᠎ᠠ᠃ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠲᠥᠷᠥᠯ ᠵᠦᠢᠯ᠂ ᠪᠡᠯᠡ | ᠮᠥᠩᠭᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠴᠤᠭᠯᠠᠭᠤᠯᠬᠤ ᠵᠡᠷᠭᠡ ᠲᠠᠢ | ᠬᠤᠯᠪᠣᠭᠳᠠᠬᠤ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠲᠥᠷᠥᠯ | ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠭᠤᠷᠪᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠴᠤ ᠬᠠᠮᠠᠭᠠᠯᠠᠬᠤ ᠠᠵᠢᠯ ᠳᠤ ᠬᠢᠨᠠᠯᠲᠠ | ᠲᠠᠯᠪᠢᠨ ᠵᠢᠯᠣᠭᠤᠳᠤᠨ᠎ᠠ᠃ ᠬᠢᠵᠠᠭᠠᠷᠯᠠᠯ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠣᠯᠤᠨ | ᠰᠦᠶᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠶᠯᠡᠰ ᠢ ᠬᠠᠮᠢᠶᠠᠷᠴᠤ᠂ ᠵᠠᠰᠠᠮᠠᠯ ᠵᠠᠮ ᠤᠨ ᠠᠷᠠᠴᠢᠯᠠᠯᠲᠠ᠂ | ᠵᠠᠮ ᠤᠨ ᠶᠠᠪᠤᠳᠠᠯ᠂ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ ᠵᠠᠮ ᠢ | ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ | ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ | ᠳᠠᠭᠠᠭᠠᠨ ᠭᠦᠢᠴᠡᠳᠬᠡᠨ᠎ᠡ ᠃ | ︵ᠳᠥᠷᠪᠡ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ | ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ | ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠤᠭ᠎ᠠ ᠶᠢ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠴᠢᠳᠠᠮᠵᠢ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ | ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠮᠤᠵᠢ ᠠᠯᠤᠰᠯᠠᠭᠰᠠᠨ ᠠᠶᠢᠮᠠᠭ ᠬᠤᠲᠠ ᠠᠯᠤᠰᠯᠠᠭᠰᠠᠨ ᠵᠠᠮ ᠤᠨ | ᠠᠶᠠᠨᠴᠢᠳ ᠤᠨ ᠲᠡᠭᠡᠭᠡᠪᠦᠷᠢ᠂ ᠣᠯᠠᠨ ᠤᠯᠤᠰ ᠤᠨ ᠵᠠᠮ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ | ᠨᠥᠬᠦᠴᠡᠯ ᠤᠨ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ | ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ | ᠦᠷᠳᠡᠭᠡ ᠶᠢᠨ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ | ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡ ᠶᠢᠨ ᠵᠢᠯᠣᠭᠤᠴᠢ ᠶᠢ ᠪᠣᠯᠪᠠᠰᠤᠷᠠᠭᠤᠯᠬᠤ᠂ | ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ | ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ | ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠠᠶᠠᠯᠠᠯ ᠤᠨ ᠵᠠᠮ᠂ ᠭᠠᠷᠠᠮ᠂ ᠣᠩᠭᠤᠴᠠ ᠶᠢᠨ | ᠵᠣᠭᠰᠣᠭᠠᠯ ᠤᠨ ᠠᠷᠠᠴᠢᠯᠠᠯᠲᠠ ᠶᠢ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ | ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ | ︵ᠵᠢᠷᠭᠤᠭ᠎ᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠣᠯᠭᠦᠢ ᠦᠢᠯᠡᠳᠪᠦᠷᠢᠯᠡᠯ | ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠵᠠᠰᠠᠮᠠᠯ | ᠵᠠᠮ ᠤᠰᠤᠨ ᠵᠠᠮ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ | ᠵᠠᠮ ᠤᠨ ᠲᠣᠣᠷ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠡᠳ᠋ ᠪᠠᠷᠠᠭ᠎ᠠ᠂ ᠠᠶᠠᠨᠴᠢᠳ ᠪᠠ ᠪᠠᠷᠠᠭ᠎ᠠ ᠶᠢᠨ ᠪᠠᠴᠢᠮ ᠲᠡᠭᠡᠭᠡᠪᠦᠷᠢ ᠶᠢ | ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ | ︵ᠳᠣᠯᠤᠭ᠎ᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ | ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠲᠣᠭᠲᠠᠭᠠᠭᠰᠠᠨ ᠬᠠᠷᠢᠶᠠᠯᠠᠯ ᠤᠨ ᠬᠡᠷᠡᠭ ᠢ | ᠳᠠᠭᠠᠭᠠᠨ ᠭᠦᠢᠴᠡᠳᠬᠡᠨ᠎ᠡ᠃ | ︵ᠨᠠᠶᠮᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ | ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠶᠢᠰᠦ︶ ᠪᠥᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ | ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠬᠠᠷᠢᠭᠤᠴᠠᠯᠭ᠎ᠠ | ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠬᠦ ᠬᠢᠨᠠᠨ ᠵᠥᠪᠰᠢᠶᠡᠷᠡᠬᠦ ᠶᠢ ᠬᠠᠷᠢᠭᠤᠴᠠᠨ᠂ ᠪᠠᠷᠢᠯᠭ᠎ᠠ ᠶᠢᠨ ᠪᠣᠯᠤᠮᠵᠢᠲᠤ ᠰᠤᠳᠤᠯᠤᠯ ᠤᠨ | ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠭᠰᠠᠨ ᠵᠠᠰᠠᠮᠠᠯ ᠵᠠᠮ ᠤᠰᠤᠨ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠤᠭᠲᠠᠭᠠᠨ ᠬᠢᠨᠠᠨ ᠵᠦᠪᠰᠢᠶᠡᠷᠡᠨ᠎ᠡ᠃ | 2. ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠄ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠡᠷᠬᠡ ᠪᠣᠯᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠤᠲᠠ ᠬᠥᠳᠡᠭᠡ ᠶᠢᠨ ᠠᠶᠠᠨᠴᠢᠳ ᠤᠨ | ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ | ᠲᠡᠭᠡᠭᠡᠪᠦᠷᠢ ᠶᠢᠨ ᠬᠠᠮᠢᠶ᠎ᠠ ᠪᠦᠬᠦᠢ ᠪᠡᠯᠡᠳᠬᠡᠮᠵᠢ ᠶᠢᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | 3. ᠤᠰᠤᠨ ᠳᠡᠭᠡᠷᠡᠬᠢ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠵᠢᠭᠠᠰᠤᠨ ᠭᠠᠷᠠᠮ ᠤᠨ | ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠠᠴᠠ ᠤᠷᠤᠯᠳᠤᠭᠠᠨ ᠳᠤ ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ | ᠪᠤᠰᠤᠳ ᠣᠩᠭᠤᠴᠠ ᠰᠠᠯ ᠵᠢᠴᠢ ᠵᠥᠪᠰᠢᠶᠡᠷᠡᠭᠦᠯᠦᠭᠰᠡᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠭᠠᠰᠤᠨ | ᠣᠩᠭᠤᠴᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ | ᠰᠠᠯᠠᠭ᠎ᠠ ᠮᠥᠴᠢᠷ ᠠᠴᠠ ᠣᠩᠭᠤᠴᠠ ᠰᠠᠯ ᠦᠢᠯᠡᠳᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠰᠤᠮᠤ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤ ᠶᠢᠨ | ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ | ᠢᠶᠠᠷ ᠯᠠᠪᠯᠠᠯᠲᠠ ᠪᠣᠯᠭᠠᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠲᠠ ᠶᠢᠨ | ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠡᠯ᠎ᠡ ᠠᠶᠢᠮᠠᠭ | ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃ | 4. ᠭᠤᠣᠯ ᠤᠨ ᠵᠠᠮ ᠤᠨ ᠬᠠᠶᠢᠷ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ | ᠥᠪᠡᠷᠲᠡᠭᠡᠨ ᠵᠠᠰᠠᠭ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠭᠤᠣᠯ ᠤᠨ ᠵᠠᠮ ᠤᠨ ᠡᠯᠡᠰᠦ ᠮᠠᠯᠲᠠᠬᠤ | ᠨᠢ ᠠᠶᠠᠯᠠᠯ ᠨᠡᠪᠲᠡᠷᠡᠬᠦ ᠶᠢ ᠨᠥᠯᠥᠭᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠭᠤᠣᠯ ᠤᠨ ᠵᠠᠮ ᠤᠨ ᠡᠯᠡᠰᠦ ᠮᠠᠯᠲᠠᠬᠤ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠭᠤᠣᠯ ᠤᠨ ᠵᠠᠮ ᠳᠤ ᠡᠯᠡᠰᠦ ᠮᠠᠯᠲᠠᠬᠤ ᠲᠥᠯᠥᠪᠵᠢᠭᠦᠯᠭᠡ ᠪᠣᠯᠤᠨ ᠲᠥᠯᠥᠪᠯᠡᠭᠡ | ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠣᠣᠷᠠᠬᠢ | ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠣᠲᠤᠮ ᠤᠨ ᠠᠵᠢᠯᠯᠠᠭᠠᠨ ᠢ ᠬᠠᠷᠢᠭᠤᠴᠠᠵᠤ᠂ ᠬᠤᠷᠠᠯ ᠤᠨ | ᠶᠠᠪᠤᠳᠠᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ | ᠱᠠᠭᠠᠷᠳᠠᠨ ᠰᠢᠢᠳᠪᠦᠷᠢᠯᠡᠭᠦᠯᠬᠦ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ | ᠶᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠵᠣᠬᠢᠴᠠᠭᠤᠯᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠃ ᠲᠥᠷᠥ ᠶᠢᠨ ᠪᠣᠳᠣᠯᠭ᠎ᠠ ᠶᠢᠨ ᠪᠠᠶᠢᠴᠠᠭᠠᠨ | ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠰᠣᠨᠢᠨ ᠮᠡᠳᠡᠭᠡ | ᠤᠬᠠᠭᠤᠯᠭ᠎ᠠ ᠶᠢᠨ ᠠᠵᠢᠯ ᠢ ᠵᠢᠭᠠᠨ ᠵᠢᠯᠣᠭᠤᠳᠤᠨ᠎ᠠ᠃ | ︵ᠭᠤᠷᠪᠠ︶ ᠠᠵᠢᠯᠲᠠᠨ ᠤ ᠰᠤᠷᠭᠠᠨ ᠬᠦᠮᠦᠵᠢᠯ ᠤᠨ ᠭᠠᠵᠠᠷ᠃ ᠪᠠᠶᠢᠭᠤᠯᠭ᠎ᠠ ᠶᠢᠨ ᠪᠠᠶᠢᠭᠤᠯᠤᠮᠵᠢ ᠣᠷᠤᠨ ᠲᠤᠭ᠎ᠠ᠂ | ᠠᠵᠢᠯᠲᠠᠨ ᠢ ᠲᠣᠮᠢᠯᠠᠵᠤ ᠪᠠᠭᠤᠯᠭᠠᠬᠤ᠂ ᠺᠠᠳ᠋ᠷ ᠲᠤ ᠬᠢᠨᠠᠯᠲᠠ ᠲᠠᠯᠪᠢᠬᠤ᠂ ᠪᠣᠯᠪᠠᠰᠤᠷᠠᠯ ᠬᠦᠮᠦᠵᠢᠯ᠂ ᠴᠡᠯᠢᠩ ᠨᠡᠶᠢᠭᠡᠮ ᠤᠨ | ᠪᠠᠲᠤᠯᠠᠭ᠎ᠠ᠂ ᠵᠢᠯ ᠤᠨ ᠰᠢᠯᠭᠠᠨ ᠬᠢᠨᠠᠬᠤ᠂ ᠭᠠᠳᠠᠭᠠᠲᠤ ᠳᠤ ᠭᠠᠷᠬᠤ ︵ᠬᠢᠯᠢ︶ ᠶᠢ ᠬᠠᠮᠢᠶᠠᠷᠬᠤ ᠵᠡᠷᠭᠡ ᠠᠵᠢᠯ ᠢ | ᠬᠠᠷᠢᠭᠤᠴᠠᠵᠤ᠂ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠠᠵᠢᠯ | ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ | ︵ᠳᠦᠷᠪᠡ︶ ᠬᠠᠤᠯᠢ ᠲᠣᠭᠲᠠᠭᠠᠯ ᠤᠨ ᠭᠠᠵᠠᠷ ︵ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠣᠪᠴᠢᠶ᠎ᠠ︶᠃ ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠭᠠᠨ ᠵᠢᠯᠣᠭᠤᠳᠤᠨ᠂ | ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ | ᠲᠥᠰᠦᠯ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠬᠠᠷᠢᠭᠤᠴᠠᠵᠤ᠂ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ | ᠬᠠᠷᠢᠶᠠᠯᠠᠯ ᠢ ᠨᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠬ᠎ᠠ ᠳᠡᠯᠭᠡᠭᠦᠷ ᠤᠨ ᠭᠤᠤᠯᠴᠢ ᠴᠢᠨᠠᠷ ᠤᠨ | ᠥᠷᠢᠰᠥᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠳᠤ ᠣᠷᠣᠯᠴᠠᠬᠤ ᠵᠡᠷᠭᠡ ᠠᠵᠢᠯ ᠢ | ᠡᠭᠦᠷᠭᠡᠯᠡᠨ᠎ᠡ᠃ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃ | ︵ᠲᠠᠪᠤ︶ ᠲᠦᠯᠦᠪᠵᠢᠭᠦᠯᠭᠡ ᠶᠢᠨ ᠭᠠᠵᠠᠷ᠃ ᠦᠪᠡᠷᠲᠡᠭᠡᠨ ᠵᠠᠰᠠᠬᠤ ᠣᠷᠤᠨ ᠤ ᠵᠠᠰᠠᠮᠠᠯ ᠵᠠᠮ᠂ ᠤᠰᠤᠨ ᠵᠠᠮ ᠤᠨ | ᠬᠠᠮᠢᠶ᠎ᠠ ᠪᠦᠬᠦᠢ ᠲᠦᠯᠦᠪᠵᠢᠭᠦᠯᠭᠡ ᠶᠢ ᠲᠣᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠵᠣᠬᠢᠶᠠᠨ ᠪᠠᠶᠢᠭᠤᠯᠵᠤ | ᠲᠣᠭᠤᠷᠪᠢᠵᠤ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠣᠭᠤᠷᠪᠢᠬᠤ ᠳᠤ | ᠣᠷᠤᠯᠴᠠᠨ᠎ᠠ᠃ ᠬᠠᠮᠢᠶ᠎ᠠ ᠪᠦᠬᠦᠢ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠠ ᠴᠢᠭᠯᠡᠯ᠂ | ᠵᠠᠰᠠᠭ ᠤᠨ ᠣᠷᠳᠤᠨ ᠪᠣᠯᠤᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠲᠦᠷᠦᠯ ᠵᠤᠶᠢᠯ ᠤᠨ ᠰᠠᠨᠠᠭᠤᠯᠭ᠎ᠠ ᠶᠢ | ᠳᠤᠷᠠᠳᠤᠨ ᠭᠠᠷᠭᠠᠵᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠪᠠᠷᠢᠯᠭ᠎ᠠ ᠶᠢᠨ ᠪᠣᠯᠤᠮᠵᠢᠲᠤ | ᠰᠣᠳᠤᠯᠤᠯ ᠤᠨ ᠠᠵᠢᠯ ᠢ ᠡᠭᠦᠷᠭᠡᠯᠡᠨ᠎ᠡ᠃ ᠵᠠᠰᠠᠮᠠᠯ ᠵᠠᠮ᠂ ᠤᠰᠤᠨ ᠵᠠᠮ ᠤᠨ ᠠᠵᠢᠯ ᠲᠦᠷᠦᠯ ᠤᠨ ᠣᠷᠴᠢᠨ ᠠᠬᠤᠢ ᠶᠢ | ᠬᠠᠮᠠᠭᠠᠯᠠᠬᠤ᠂ ᠡᠨᠧᠷᠭᠢ ᠶᠢ ᠠᠷᠪᠢᠯᠠᠬᠤ᠂ ᠪᠤᠭᠢᠷᠳᠤᠯ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭ᠎ᠠ ᠶᠢᠨ ᠳᠠᠶᠢᠨ ᠤ ᠪᠡᠯᠡᠳᠭᠡᠯ | ᠵᠡᠷᠭᠡ ᠠᠵᠢᠯ ᠢ ᠵᠣᠬᠢᠴᠠᠭᠤᠯᠵᠤ᠂ ᠲᠤᠭ᠎ᠠ ᠪᠦᠷᠢᠳᠭᠡᠯ ᠤᠨ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠃ ᠵᠠᠰᠠᠮᠠᠯ ᠵᠠᠮ᠂ ᠤᠰᠤᠨ ᠵᠠᠮ ᠤᠨ | ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ | ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭᠠᠭᠰᠠᠨ | ᠡᠷᠬᠡ ᠮᠡᠳᠡᠯ ᠤᠨ ᠬᠡᠪᠴᠢᠶᠡᠨ ᠳᠤ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠤᠶᠢᠯ ᠤᠨ ᠵᠢᠷᠤᠭ | ᠲᠦᠯᠦᠪᠯᠡᠭᠡ ᠶᠢ ᠬᠢᠨᠠᠨ ᠵᠦᠪᠰᠢᠶᠡᠷᠡᠬᠦ᠂ ᠪᠠᠷᠢᠯᠭ᠎ᠠ ᠪᠠᠷᠢᠬᠤ ᠶᠢ ᠵᠦᠪᠰᠢᠶᠡᠷᠡᠬᠦ᠂ ᠬᠢᠨᠠᠯᠲᠠ ᠲᠠᠯᠪᠢᠬᠤ ᠪᠠ ᠪᠠᠷᠢᠯᠭ᠎ᠠ | ᠳᠠᠭᠤᠰᠬᠤ ᠳᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠦᠨ᠎ᠡ᠂ ᠳᠠᠭᠠᠭᠠᠴᠢᠯᠠᠯᠲᠠ ᠵᠠᠷᠯᠠᠬᠤ | ᠲᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ | ᠳᠤ ᠬᠢᠨᠠᠯᠲᠠ ᠲᠠᠯᠪᠢᠵᠤ ᠵᠢᠭᠠᠨ ᠵᠢᠯᠤᠭᠤᠳᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠮᠡᠷᠭᠡᠵᠢᠯ ᠤᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠡᠷᠬᠢᠯᠡᠨ᠎ᠡ᠃ | ︵ᠳᠣᠯᠤᠭ᠎ᠠ︶ ᠵᠠᠰᠠᠮᠠᠯ ᠵᠠᠮ ᠤᠨ ᠭᠠᠵᠠᠷ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠦᠳᠠᠯ᠂ | ᠰᠦᠢᠳᠭᠡᠯ ᠬᠤᠷᠢᠶᠠᠠᠬᠤ᠂ ᠡᠵᠡᠩᠨᠡᠬᠦ ᠦᠢᠯᠡᠴᠢᠯᠡᠭᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ | ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠬᠠᠮᠢᠶᠠᠷᠬᠤ᠂ ᠵᠠᠮ ᠳᠤ ᠬᠤᠯᠪᠤᠭᠳᠠᠭᠰᠠᠨ ᠪᠠᠷᠢᠯᠭ᠎ᠠ | ᠪᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯᠡᠰ ᠢ ᠬᠠᠮᠢᠶᠠᠷᠤᠨ᠎ᠠ᠃ ᠵᠠᠰᠠᠮᠠᠯ ᠵᠠᠮ ᠢ ᠨᠢᠭᠡᠲᠦᠯᠲᠡᠢ | ᠲᠦᠯᠦᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠨ᠎ᠡ᠃ ᠳᠡᠭᠡᠳᠦ ᠬᠤᠷᠳᠤ ᠶᠢᠨ ᠵᠠᠰᠠᠮᠠᠯ | ᠵᠠᠮ ᠤᠨ ᠰᠦᠯᠵᠢᠶ᠎ᠡ ᠨᠡᠪᠲᠡᠷᠡᠭᠦᠯᠦᠨ ᠰᠦᠢᠳᠭᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠦᠳᠡᠭᠡ | ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ | ᠳᠠᠭᠠᠭᠠᠨ ᠡᠭᠦᠷᠭᠡᠯᠡᠨ᠎ᠡ᠃ | ︵ᠨᠠᠢᠮᠠ︶ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ︵ᠣᠷᠤᠨ ᠨᠤᠲᠤᠭ ᠤᠨ ᠳᠠᠯᠠᠢ ᠶᠢᠨ ᠶᠠᠪᠤᠳᠠᠯ ᠤᠨ ᠭᠠᠵᠠᠷ︶ | ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠳᠦᠷᠢᠮ ᠪᠠ ᠪᠠᠷᠢᠮᠵᠢᠶ᠎ᠠ ᠶᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠬᠦᠯᠦᠨ᠎ᠡ᠃ ᠮᠣᠵᠢ ᠪᠠ ᠠᠶᠢᠮᠠᠭ ᠬᠤᠲᠠ ᠠᠯᠤᠰᠯᠠᠭᠰᠠᠨ ᠵᠠᠮ ᠤᠨ ᠠᠶᠠᠨᠴᠢᠳ ᠤᠨ ᠲᠡᠭᠡᠭᠡᠪᠦᠷᠢ᠂ ᠣᠯᠠᠨ ᠤᠯᠤᠰ | ᠤᠨ ᠵᠠᠮ ᠤᠨ ᠲᠡᠭᠡᠭᠡᠪᠦᠷᠢ᠂ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠦᠭᠦᠴᠡᠯ ᠤᠨ ᠨᠦᠯᠦᠭᠡᠯᠡᠯ ᠢ ᠦᠨᠡᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠮᠠᠯ ᠵᠠᠮ᠂ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ | ᠲᠡᠭᠡᠭᠡᠪᠦᠷᠢ᠂ ᠠᠶᠠᠨᠴᠢᠳ ᠤᠨ ᠪᠠᠷᠠᠭᠠᠨ ᠤ ᠲᠡᠭᠡᠭᠡᠪᠦᠷᠢ ᠶᠢᠨ ᠲᠠᠯᠠᠪᠠᠢ ᠦᠷᠲᠡᠭᠡᠨᠦ ᠡᠵᠡᠩᠨᠡᠯᠲᠡ᠂ ᠮᠠᠰᠢᠨ ᠲᠡᠷᠭᠡ ᠰᠠᠯᠪᠢᠨ | ᠵᠠᠰᠠᠬᠤ᠂ ᠲᠡᠭᠡᠭᠡᠪᠦᠷᠢᠯᠡᠨ ᠡᠵᠡᠩᠨᠡᠬᠦ ᠲᠡᠷᠭᠡ ᠶᠢᠨ ᠶᠡᠷᠦᠩᠬᠡᠢ ᠰᠢᠨᠵᠢ ᠴᠢᠳᠠᠮᠵᠢ ᠶᠢ ᠰᠢᠯᠭᠠᠨ ᠰᠢᠨᠵᠢᠯᠡᠬᠦ᠂ ᠮᠠᠰᠢᠨ ᠲᠡᠷᠭᠡᠨ ᠤ | ᠵᠢᠯᠤᠭᠤᠴᠢ ᠶᠢᠨ ᠪᠣᠯᠪᠠᠰᠤᠷᠠᠯ᠂ ᠠᠵᠢᠯ ᠡᠷᠬᠢᠯᠡᠭᠰᠡᠳ ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠵᠤ ᠵᠢᠭᠠᠨ | ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ | ᠰᠦᠯᠵᠢᠶ᠎ᠡ ᠪᠠᠷ ᠪᠣᠯᠵᠤᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠭᠠᠨ | ᠵᠢᠯᠤᠭᠤᠳᠤᠨ᠎ᠠ᠃ ᠭᠤᠤᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ ᠠᠶᠠᠯᠠᠯ ᠤᠨ ᠵᠠᠮ᠂ ᠭᠠᠷᠠᠮ᠂ ᠭᠠᠷᠠᠮ ᠤᠨ ᠠᠷᠠᠴᠢᠯᠠᠨ ᠬᠠᠮᠠᠭᠠᠯᠠᠬᠤ ᠶᠢ ᠵᠢᠭᠠᠨ | ᠵᠢᠯᠤᠭᠤᠳᠴᠤ᠂ ᠣᠩᠭᠤᠴᠠ ᠰᠠᠯ ᠢ ᠳᠠᠩᠰᠠᠯᠠᠬᠤ᠂ ᠪᠠᠶᠢᠴᠠᠭᠠᠨ ᠰᠢᠯᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠭᠠᠨ | ᠵᠢᠯᠤᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠤᠯᠪᠤᠭᠠᠨ ᠤ ᠠᠶᠠᠯᠠᠯ ᠵᠠᠯᠠᠬᠤ᠂ | ᠠᠪᠦᠷᠡᠨ ᠲᠤᠰᠠᠯᠠᠵᠤ ᠱᠦᠭᠦᠬᠦ ᠵᠡᠷᠭᠡ ᠠᠵᠢᠯ ᠢ ᠵᠢᠭᠠᠨ ᠵᠢᠯᠤᠭᠤᠳᠤᠨ᠎ᠠ᠃ | ︵ᠶᠢᠰᠦ︶ ᠡᠳ᠋ ᠤᠨ ᠶᠠᠪᠤᠳᠠᠯ ᠤᠨ ᠭᠠᠵᠠᠷ᠃ ᠠᠵᠢᠯ ᠲᠦᠷᠦᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯᠠᠯ ᠵᠠᠮ᠂ ᠤᠰᠤᠨ ᠵᠠᠮ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠤᠭᠤᠯᠵᠤ ᠲᠣᠬᠢᠷᠠᠭᠤᠯᠬᠤ ᠠᠷᠭ᠎ᠠ ᠬᠡᠮᠵᠢᠶ᠎ᠠ ᠶᠢ ᠲᠣᠭᠤᠷᠪᠢᠵᠤ᠂ ᠦᠪᠡᠷᠲᠡᠭᠡᠨ ᠵᠠᠰᠠᠬᠤ | ᠤᠷᠤᠨ ᠤ ᠪᠡᠯᠡ ᠣᠷᠤᠭᠤᠯᠤᠯᠲᠠ ᠶᠢᠨ ᠲᠦᠷᠦᠯ ᠵᠤᠶᠢᠯ ᠤᠨ ᠪᠡᠯᠡ ᠮᠦᠩᠭᠦ ᠶᠢ ᠬᠤᠷᠠᠮᠳᠤᠭᠤᠯᠤᠨ ᠭᠡᠷᠡᠭᠯᠡᠬᠦ ᠪᠠ ᠬᠢᠨᠠᠯᠲᠠ | ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠵᠦ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠵᠢᠭᠡᠯᠡᠯᠭᠡ ᠶᠢᠨ ᠲᠡᠮᠲᠡᠭᠲᠦ | ᠲᠠᠷᠬᠠᠭᠠᠬᠤ ᠰᠠᠨᠠᠭᠤᠯᠭ᠎ᠠ ᠶᠢ ᠲᠤᠷᠠᠳᠴᠤ᠂ ᠵᠠᠰᠠᠭ ᠤᠨ ᠣᠷᠳᠤᠨ ᠤ ᠴᠢᠨᠠᠷᠲᠠᠢ ᠦᠷᠢ ᠦᠭᠴᠡᠭᠡ ᠶᠢᠨ ᠬᠤᠯᠪᠤᠭᠳᠠᠯ ᠪᠦᠬᠦᠢ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠲᠣᠰᠬᠠᠢ ᠪᠡᠯᠡ ᠮᠦᠩᠬᠦ᠂ ᠲᠦᠰᠦᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ | ᠪᠠ ᠲᠦᠰᠦᠪ ᠤᠨ ᠭᠦᠢᠴᠡᠳᠭᠡᠯ ᠢ ᠨᠠᠶᠢᠷᠠᠭᠤᠯᠤᠨ ᠵᠣᠬᠢᠶᠠᠬᠤ᠂ ᠵᠠᠰᠠᠭ ᠤᠨ ᠣᠷᠳᠤᠨ ᠤ ᠬᠤᠳᠠᠯᠳᠤᠨ ᠠᠪᠬᠤ᠂ | ᠢᠲᠡᠭᠡᠮᠵᠢᠲᠤ ᠵᠢᠭᠡᠯᠡᠯᠭᠡ᠂ ᠭᠠᠳᠠᠭᠠᠲᠤ ᠪᠡᠯᠡ ᠶᠢ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠦᠷᠲᠡᠭ ᠢ ᠪᠠᠲᠤᠯᠠᠵᠤ ᠦᠷᠲᠡᠭ ᠢ ᠨᠡᠮᠡᠭᠲᠡᠬᠦᠯᠬᠦ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ ᠠᠵᠢᠯ ᠲᠦᠷᠦᠯ ᠤᠨ ᠲᠣᠲᠤᠭᠠᠲᠤ ᠶᠢᠨ ᠬᠢᠨᠠᠨ ᠪᠣᠲᠤᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠠᠷᠢᠶ᠎ᠠ | ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠵᠢᠭᠠᠨ ᠵᠢᠯᠤᠭᠤᠳᠤᠨ᠎ᠠ᠃ | ︵ᠠᠷᠪᠠ︶ ᠰᠢᠨᠵᠢᠯᠡᠭᠡ ᠮᠡᠷᠭᠡᠵᠢᠯ ᠤᠨ ᠭᠠᠵᠠᠷ᠃ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ | ᠵᠢᠭᠠᠨ ᠵᠢᠯᠤᠭᠤᠳᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠤᠷᠪᠢᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠲᠦᠷᠦᠯ ᠤᠨ | ᠲᠦᠯᠦᠪᠯᠡᠭᠡ ᠶᠢ ᠲᠣᠭᠤᠷᠪᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠤᠶᠢᠯ ᠤᠨ ᠰᠣᠳᠤᠯᠭᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠲᠡᠯᠭᠡᠷᠡᠭᠦᠯᠦᠨ ᠬᠡᠷᠡᠭᠯᠡᠬᠦ ᠶᠢ ᠵᠣᠬᠢᠴᠠᠭᠤᠯᠤᠨ᠎ᠠ᠃ | ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ | ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠲᠦᠷᠦᠯ ᠤᠨ ᠦᠢᠯᠡᠳᠬᠦᠨ ᠤ ᠶᠠᠰᠤ ᠴᠢᠨᠠᠷ | ᠪᠣᠯᠤᠨ ᠬᠡᠮᠵᠢᠯᠲᠡ ᠶᠢᠨ ᠭᠡᠷᠡᠴᠢᠯᠡᠯ ᠤᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃ | ︵ᠠᠷᠪᠠᠨ ᠨᠢᠭᠡ︶ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠃ ᠵᠠᠰᠠᠮᠠᠯ ᠵᠠᠮ᠂ ᠤᠰᠤᠨ ᠵᠠᠮ ᠤᠨ | ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ | ᠲᠦᠰᠦᠯ ᠢ ᠲᠣᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠢ ᠵᠢᠭᠠᠨ | ᠵᠢᠯᠤᠭᠤᠳᠴᠤ᠂ ᠠᠵᠢᠯ ᠲᠦᠷᠦᠯ ᠤᠨ ᠠᠶᠦᠯᠭᠦᠢ ᠦᠢᠯᠡᠳᠪᠦᠷᠢᠯᠡᠯ ᠤᠨ ᠬᠠᠥᠯᠢ ᠬᠡᠷᠡᠭᠵᠢᠭᠦᠯᠬᠦ ᠠᠵᠢᠯ ᠢ ᠵᠢᠭᠠᠨ | ᠵᠢᠯᠤᠭᠤᠳᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠵᠣᠬᠢᠶᠠᠨ ᠪᠠᠶᠢᠭᠤᠯᠤᠨ᠎ᠠ᠃ | ︵ᠠᠷᠪᠠᠨ ᠬᠤᠶᠠᠷ︶ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠪᠠ | ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠬᠦᠮᠦᠰ ᠤᠨ ᠠᠵᠢᠯ ᠤᠨ ᠭᠠᠵᠠᠷ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠬᠦᠮᠦᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ | ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠠᠵᠢᠯ ᠢ ᠵᠢᠭᠠᠨ ᠵᠢᠯᠣᠭᠤᠳᠤᠨ᠎ᠠ᠃ | ︵ᠠᠷᠪᠠᠨ ᠳᠦᠷᠪᠡ︶ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠭᠠᠵᠠᠷ᠃ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ᠃ ᠥᠪᠡᠷᠲᠡᠭᠡᠨ ᠵᠠᠰᠠᠬᠤ | ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ ᠢ | ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ | ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠵᠣᠬᠢᠴᠠᠭᠤᠯᠬᠤ ᠪᠠ ᠴᠢᠬᠤᠯᠠ ᠶᠡᠭᠡ | ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠶᠢ ᠲᠦᠷᠦᠭᠦᠯᠡᠨ ᠬᠢᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠷᠭᠡᠵᠢᠯ ᠤᠨ | ᠬᠢᠨᠠᠨ ᠪᠠᠶᠢᠴᠠᠭᠠᠯᠲᠠ ᠬᠢᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠠᠵᠢᠯ ᠢ | ᠬᠠᠷᠢᠭᠤᠴᠠᠨ᠎ᠠ᠃ ᠣᠷᠣᠨ ᠨᠤᠲᠤᠭ ᠤᠨ ᠲᠡᠮᠦᠷ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠳᠣᠲᠣᠷᠠᠬᠢ ᠣᠷᠣᠨ ᠨᠤᠲᠤᠭ ᠤᠨ ᠲᠡᠮᠦᠷ | ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ | ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ ᠵᠢᠯᠣᠭᠤᠳᠴᠤ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ᠎ᠠ᠃ ᠲᠡᠮᠦᠷ ᠵᠠᠮ ᠳᠠᠭᠠᠤ ᠶᠢᠨ ᠠᠮᠤᠷ ᠲᠦᠪᠰᠢᠨ | ᠣᠷᠴᠢᠨ ᠲᠣᠭᠤᠷᠢᠨ ᠢ ᠵᠠᠰᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ | ᠠᠵᠢᠯᠯᠠᠬᠤ ᠬᠠᠶ᠋ᠢᠭ᠄ ᠬᠦᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ | ᠵᠡᠭᠡᠯᠢ ᠶᠢᠨ 68 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠤᠲᠠᠰᠤ᠄ 0471— 6285784 | ᠬᠠᠷᠢᠭᠤᠴᠠᠯᠭᠠᠲᠠᠨ᠄ ᠭᠤᠤ ᠱᠢ ᠴᠢᠨ | ᠰᠢᠭᠤᠳ ᠬᠠᠷᠢᠶ᠎ᠠ ᠨᠢᠭᠡᠴᠢ᠄ | ︵ᠨᠢᠭᠡ︶᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ | ᠲᠥᠪ | 1. ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠦᠷᠢᠮ ᠲᠣᠭᠲᠠᠭᠠᠯ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ | ᠲᠤᠭᠤᠷᠪᠢᠬᠤ ᠳᠤ ᠣᠷᠣᠯᠴᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠪᠠ ᠬᠠᠮᠢᠶ᠎ᠠ ᠪᠥᠬᠦᠶ ᠲᠥᠯᠥᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ | | 2. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ | ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 3. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠮᠡᠷᠭᠡᠵᠢᠯ ᠤᠨ | ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 4. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 5. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 6. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 7. ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ᠂ ᠪᠦᠷᠢᠳᠬᠡᠨ ᠵᠠᠳᠠᠯᠬᠤ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠮᠡᠷᠭᠡᠵᠢᠯ ᠤᠨ | ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠣᠨᠢᠨ | ᠮᠡᠳᠡᠭᠡ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃ | 8. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | | 9. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠢᠴᠡᠳᠭᠡᠯᠭᠡᠬᠦ | ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠠᠵᠢᠯᠲᠠᠨ ᠤ ᠭᠠᠵᠠᠷ ︵ᠨᠠᠮ ᠪᠠ ᠣᠯᠠᠨ ᠲᠦᠮᠡᠨ ᠤ | ᠠᠵᠢᠯ ᠤᠨ ᠭᠠᠵᠠᠷ︶᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠰᠤᠳᠤᠯᠬᠤ ᠲᠠᠰᠤᠭ | ︵ᠰᠣᠨᠢᠨ ᠮᠡᠳᠡᠭᠡ ᠤᠬᠠᠭᠤᠯᠭ᠎ᠠ ᠶᠢᠨ ᠭᠠᠵᠠᠷ︶᠂ ᠬᠠᠤᠯᠢ ᠳᠦᠷᠢᠮ ᠤᠨ ᠭᠠᠵᠠᠷ᠂ ᠬᠦᠭᠵᠢᠯᠲᠡ ᠶᠢᠨ ᠲᠥᠯᠥᠪᠵᠢᠭᠦᠯᠭᠡ ᠶᠢᠨ | ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠭᠠᠵᠠᠷ᠂ ᠪᠠᠷᠢᠯᠭ᠎ᠠ ᠶᠢᠨ | ᠮᠡᠷᠭᠡᠵᠢᠯ ᠬᠢᠭᠡᠳ ᠦᠢᠯᠡᠳᠬᠦ ᠦᠨ᠎ᠡ ᠶᠢᠨ ᠭᠠᠵᠠᠷ᠂ ᠬᠥᠳᠡᠭᠡ ᠲᠣᠰᠬᠤᠨ ᠬᠢᠭᠡᠳ ᠬᠢᠯᠢ ᠶᠢᠨ ᠬᠠᠮᠠᠭᠠᠯᠠᠯᠲᠠ ᠶᠢᠨ ᠵᠠᠰᠠᠮᠠᠯ | ᠵᠠᠮ ᠤᠨ ᠭᠠᠵᠠᠷ᠂ ᠠᠶᠠᠨᠴᠢᠳ ᠤᠨ ᠲᠡᠭᠡᠭᠡᠪᠦᠷᠢ ᠶᠢᠨ ᠭᠠᠵᠠᠷ᠂ ᠪᠠᠷᠠᠭ᠎ᠠ ᠶᠢᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ | ᠭᠠᠵᠠᠷ᠂ ᠲᠡᠷᠭᠡ ᠬᠥᠰᠬᠡ ᠶᠢᠨ ᠮᠡᠷᠭᠡᠵᠢᠯ ᠤᠨ ᠭᠠᠵᠠᠷ᠂ ᠤᠰᠤᠨ ᠲᠡᠭᠡᠭᠡᠪᠦᠷᠢ ᠶᠢᠨ ᠳᠠᠯᠠᠶ ᠶᠢᠨ ᠶᠠᠪᠤᠳᠠᠯ ᠤᠨ ᠣᠩᠭᠤᠴᠠ | ᠪᠠᠶᠢᠴᠠᠭᠠᠬᠤ ᠭᠠᠵᠠᠷ᠂ ᠠᠶᠦᠯᠭᠦᠢ ᠦᠢᠯᠡᠳᠪᠦᠷᠢᠯᠡᠯ ᠤᠨ ᠭᠠᠵᠠᠷ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶᠠᠨ ᠤ ᠡᠮᠦᠨ᠎ᠡ | ᠵᠡᠭᠡᠯᠢ ᠶᠢᠨ 68 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠠᠷᠭ᠎ᠠ᠄ 0471 - 6968143 | ᠬᠠᠷᠢᠭᠤᠴᠠᠯᠭᠠᠲᠠᠨ᠄ ᠢᠦᠢ ᠹᠧᠩ | ︵ᠬᠤᠶᠠᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ | 1. ᠲᠢᠩᠬᠢᠮ ᠤᠨ ᠪᠠᠶᠢᠭᠤᠯᠭ᠎ᠠ ᠶᠢᠨ ᠠᠯᠪᠠᠯᠠᠬᠤ ᠠᠵᠢᠯᠯᠠᠭᠠᠨ᠂ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ | ᠪᠠᠶᠢᠴᠠᠭᠠᠬᠤ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠣᠯᠠᠨ ᠲᠦᠮᠡᠨ ᠤ ᠪᠦᠯᠬᠦᠮ ᠤᠨ ᠬᠠᠮᠢᠶ᠎ᠠ ᠪᠥᠬᠦᠶ ᠠᠵᠢᠯ ᠢ | ᠡᠭᠦᠷᠭᠡᠯᠡᠨ᠎ᠡ᠃ | 2. ᠲᠢᠩᠬᠢᠮ ᠤᠨ ᠪᠠᠶᠢᠭᠤᠯᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠤᠨ | ᠬᠥᠷᠥᠩᠭᠡ ᠶᠢᠨ ᠬᠠᠮᠢᠶᠠᠷᠤᠯᠲᠠ᠂ ᠠᠯᠪᠠᠨ ᠳᠤ ᠬᠡᠷᠡᠭᠯᠡᠬᠦ ᠭᠡᠷ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠬᠤ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠡᠭᠦᠷᠭᠡᠯᠡᠨ᠎ᠡ᠃ | 3. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ | ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ᠂ | ᠶᠡᠷᠦᠩᠬᠡᠶᠢᠯᠡᠭᠰᠡᠨ ᠰᠠᠯᠠᠭ᠎ᠠ᠂ ᠠᠵᠢᠯᠲᠠᠨ ᠤ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠤᠨ | ᠦᠶᠯᠡᠴᠢᠯᠡᠭᠡᠨ ᠤ ᠰᠠᠯᠠᠭ᠎ᠠ᠂ ᠠᠷᠤ ᠲᠠᠯ᠎ᠠ ᠶᠢᠨ ᠪᠠᠲᠤᠯᠠᠭ᠎ᠠ ᠶᠢᠨ ᠰᠠᠯᠠᠭ᠎ᠠ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ | ᠵᠡᠭᠡᠯᠢ ᠶᠢᠨ 68 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠤᠲᠠᠰᠤ᠄ 0471 - 6968595 | ᠬᠠᠷᠢᠭᠤᠴᠠᠯᠭᠠᠲᠠᠨ᠄ ᠱᠧᠨ ᠶᠦᠩ ᠮᠢᠩ | ︵ᠭᠤᠷᠪᠠ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠥᠪ | 1. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠵᠢᠯᠯᠠᠭᠠᠨ ᠢ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ ᠵᠠᠳᠠᠯᠤᠯᠲᠠ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠶᠢᠲᠡᠯᠡᠬᠦ᠂ ᠵᠠᠰᠠᠭ ᠤᠨ ᠶᠠᠪᠤᠳᠠᠯ ᠤᠨ | ᠵᠢᠵᠢᠭᠦᠷ ᠵᠡᠷᠭᠡ ᠲᠤᠬᠠᠶᠢᠯᠠᠭᠰᠠᠨ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ | ᠲᠤᠰᠠᠯᠠᠬᠤ ᠠᠵᠢᠯ ᠢ ᠡᠭᠦᠷᠭᠡᠯᠡᠨ᠎ᠡ᠃ | 2. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯ ᠭᠠᠮᠰᠢᠭ ᠠᠴᠠ ᠠᠪᠤᠷᠠᠬᠤ᠂ ᠠᠪᠤᠷᠠᠨ | ᠲᠤᠰᠠᠯᠠᠵᠤ ᠱᠦᠭᠦᠬᠦ᠂ ᠵᠠᠮ ᠤᠨ ᠨᠡᠪᠲᠡᠷᠡᠬᠦ ᠶᠢ ᠪᠠᠲᠤᠯᠠᠬᠤ᠂ ᠪᠠᠴᠢᠮ ᠲᠡᠭᠡᠭᠡᠪᠦᠷᠢ ᠵᠡᠷᠭᠡ ᠲᠤᠬᠠᠶᠢᠯᠠᠭᠰᠠᠨ ᠠᠵᠢᠯ ᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠵᠦ᠂ | ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠴᠢᠬᠤᠯᠠ ᠴᠠᠭ ᠬᠤᠭᠤᠴᠠᠭ᠎ᠠ᠂ ᠴᠢᠬᠤᠯᠠ ᠠᠵᠢᠯᠯᠠᠭ᠎ᠠ ᠵᠡᠷᠭᠡ | ᠰᠡᠷᠭᠡᠭ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠠᠭᠠᠴᠠᠭᠠᠨ ᠰᠢᠶᠳᠪᠦᠷᠢᠯᠡᠬᠦ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 3. ᠲᠢᠩᠬᠢᠮ ᠤᠨ ᠨᠢᠭᠤᠴᠠ ᠳᠤ ᠬᠤᠯᠪᠣᠭᠳᠠᠬᠤ ᠠᠵᠢᠯᠯᠠᠬᠤ ᠰᠦᠯᠵᠢᠶᠡᠨ ᠤ ᠰᠢᠰᠲ᠋ᠧᠮ ᠤᠨ ᠡᠳᠦᠷ ᠲᠤᠲᠤᠮ ᠤᠨ | ᠬᠡᠷᠡᠭᠯᠡᠵᠦ ᠬᠠᠮᠢᠶᠠᠷᠬᠤ ᠠᠵᠢᠯ ᠢ ᠡᠭᠦᠷᠭᠡᠯᠡᠨ᠎ᠡ᠃ | 4. ᠳᠥᠷᠪᠡ᠂ ᠠᠵᠢᠯ ᠲᠥᠷᠥᠯ ᠤᠨ ᠦᠶᠯᠡᠴᠢᠯᠡᠭᠡᠨ ᠤ ᠬᠢᠨᠠᠯᠲᠠ ᠲᠠᠯᠪᠢᠬᠤ ᠤᠳᠠᠰᠤ ︵ᠬᠠᠯᠠᠮᠰᠢᠯ ᠤᠲᠠᠰᠤ︶ ᠶᠢᠨ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ ᠲᠤᠬᠠᠶᠢᠯᠠᠭᠰᠠᠨ ᠠᠵᠢᠯ | ᠵᠡᠷᠭᠡ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 5. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ | ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠠᠵᠢᠯᠯᠠᠭᠠᠨ ᠢ ᠬᠢᠨᠠᠨ ᠬᠡᠮᠵᠢᠬᠦ ᠰᠠᠯᠠᠭ᠎ᠠ᠂ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠰᠠᠯᠠᠭ᠎ᠠ᠂ ᠪᠠᠲᠤᠯᠠᠭ᠎ᠠ ᠶᠢᠨ ᠦᠶᠯᠡᠴᠢᠯᠡᠭᠡᠨ ᠤ ᠰᠠᠯᠠᠭ᠎ᠠ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ | ᠵᠡᠭᠡᠯᠢ ᠶᠢᠨ 68 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠤᠲᠠᠰᠤ᠄ 0471-6936998 | ᠬᠠᠷᠢᠭᠤᠴᠠᠯᠭᠠᠲᠠᠨ᠄ ᠯᠢᠦ ᠠᠢ ᠵᠢᠶᠦ᠋ᠨ | ︵ᠳᠦᠷᠪᠡ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ | 1. ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ | ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ | ᠤᠰᠤᠨ ᠵᠠᠮ ᠤᠨ ᠦᠶᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠬᠤ ᠳᠤ | ᠣᠷᠣᠯᠴᠠᠨ᠎ᠠ᠃ | 2. ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠡᠷᠬᠡ ᠮᠡᠳᠡᠯ ᠤᠨ ᠳᠣᠲᠣᠷᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠶᠠᠪᠤᠳᠠᠯ᠂ ᠬᠡᠮᠵᠢᠶ᠎ᠡ ᠠᠴᠠ | ᠭᠡᠲᠦᠷᠡᠭᠦᠯᠦᠭᠰᠡᠨ ᠢ ᠵᠠᠰᠠᠬᠤ᠂ ᠰᠦᠢᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠵᠤ᠂ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃ | 3. ᠡᠷᠬᠡ ᠮᠡᠳᠡᠯ ᠤᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠶᠢᠨ ᠶᠠᠪᠤᠳᠠᠯ᠂ ᠤᠰᠤᠨ ᠵᠠᠮ ᠤᠨ ᠲᠡᠭᠡᠭᠡᠪᠦᠷᠢ ᠶᠢᠨ | ᠶᠠᠪᠤᠳᠠᠯ᠂ ᠠᠶᠠᠯᠠᠯ ᠤᠨ ᠵᠠᠮ ᠤᠨ ᠵᠠᠰᠠᠭ ᠵᠠᠬᠢᠷᠭᠠᠨ᠂ ᠣᠷᠣᠨ ᠨᠤᠲᠤᠭ ᠤᠨ ᠳᠠᠯᠠᠶ ᠶᠢᠨ ᠶᠠᠪᠤᠳᠠᠯ ᠤᠨ ᠵᠠᠰᠠᠭ ᠵᠠᠬᠢᠷᠭᠠᠨ᠂ | ᠣᠩᠭᠤᠴᠠ ᠰᠠᠯ ᠢ ᠪᠠᠶᠢᠴᠠᠭᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠵᠡᠷᠭᠡ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | 4. ᠬᠠᠷᠢᠶ᠎ᠠ ᠪᠦᠬᠦᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ ᠤᠨ | ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ ᠤᠨ ᠬᠠᠮᠢᠶᠠᠷᠤᠯᠲᠠ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | 5. ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠶᠳᠬᠡᠯ ᠬᠤᠷᠢᠶᠠᠬᠤ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠰᠦᠶᠳᠬᠡᠯ ᠬᠤᠷᠢᠶᠠᠬᠤ ᠵᠠᠰᠠᠮᠠᠯ ᠵᠠᠮ ᠤᠨ ᠰᠦᠶᠳᠬᠡᠯ ᠬᠤᠷᠢᠶᠠᠬᠤ | ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | 6. ᠲᠤᠰ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ | ᠬᠡᠷᠡᠭᠵᠢᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠣᠯᠤᠨ ᠬᠠᠮᠢᠶᠠᠷᠤᠯᠲᠠ ᠶᠢᠨ ᠳᠦᠷᠢᠮ ᠢ ᠰᠤᠳᠤᠯᠤᠨ | ᠲᠣᠭᠲᠠᠭᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 7. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | | 8. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ | ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | ᠳᠣᠲᠣᠭᠠᠳᠤ ᠳᠤ ᠪᠠᠨ 15 ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠲᠣᠬᠢᠷᠠᠭᠤᠯᠵᠤ᠄ ᠠᠯᠪᠠᠨ ᠬᠡᠷ᠂ | ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ | ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ | ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠶᠢᠨ ᠶᠠᠪᠤᠳᠠᠯ ᠤᠨ ᠰᠠᠯᠠᠭ᠎ᠠ᠂ ᠤᠰᠤᠨ ᠲᠡᠭᠡᠭᠡᠪᠦᠷᠢ ᠶᠢᠨ ᠲᠡᠯᠡᠶ ᠶᠢᠨ ᠶᠠᠪᠤᠳᠠᠯ ᠤᠨ | ᠣᠩᠭᠤᠴᠠ ᠪᠠᠶᠢᠴᠠᠭᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠬᠢᠭᠡᠳ | ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃ | ᠶᠡᠷᠦᠩᠬᠡᠶ ᠠᠩᠭᠢ ᠶᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠶᠢᠯᠠᠪᠠᠯ ᠨᠢᠭᠡᠳᠦᠭᠡᠷ ᠰᠠᠯᠪᠤᠷᠢ ᠠᠩᠭᠢ᠂ | ᠬᠤᠶᠠᠳᠤᠭᠠᠷ ᠰᠠᠯᠪᠤᠷᠢ ᠠᠩᠭᠢ ···· ᠭᠡᠬᠦ ᠮᠡᠲᠦ ᠪᠠᠷ ᠠᠷᠪᠠᠨ ᠭᠤᠷᠪᠠᠳᠤᠭᠠᠷ ᠰᠠᠯᠪᠤᠷᠢ ᠠᠩᠭᠢ ᠬᠦᠷᠲᠡᠯ᠎ᠡ | ᠪᠠᠶᠢᠵᠤ᠂ ᠳᠡᠳ᠋ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ | 13 ᠰᠠᠯᠪᠤᠷᠢ ᠠᠩᠭᠢ ᠶᠢᠨ ᠳᠣᠣᠷ᠎ᠠ ᠨᠢ 158 ᠶᠡᠭᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭᠠᠨ ᠤ ᠳᠡᠰ ᠤᠨ | ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ | 13 ᠰᠠᠯᠪᠤᠷᠢ ᠠᠩᠭᠢ ᠨᠢ ᠲᠣᠰ ᠲᠣᠰ ᠵᠢᠩᠬᠢᠨᠢ ᠰᠠᠯᠠᠭᠠᠨ ᠤ ᠲᠠᠰ ᠲᠠᠢ ᠲᠡᠩᠴᠡᠬᠦ 9 ᠳᠣᠲᠣᠭᠠᠳᠤ ᠪᠠᠶᠢᠭᠤᠯᠤᠮᠵᠢ | ᠲᠣᠬᠢᠷᠠᠭᠤᠯᠵᠤ᠂ ᠲᠤᠬᠠᠶᠢᠯᠠᠪᠠᠯ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ | ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠰᠠᠯᠠᠭ᠎ᠠ᠂ ᠡᠳ᠋ ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠶᠢᠨ ᠰᠠᠯᠠᠭ᠎ᠠ᠂ ᠵᠠᠮ ᠤᠨ ᠶᠠᠪᠤᠳᠠᠯ ᠤᠨ | ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠰᠦᠶᠳᠬᠡᠯ | ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠳᠣᠰ ᠶᠡᠭᠡ ᠵᠡᠭᠡᠯᠢ ᠶᠢᠨ ᠱᠢ ᠳ᠋ᠦᠩ | ᠵᠠᠮ ᠤᠨ 6 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠠᠷᠭ᠎ᠠ ᠮᠠᠶ᠋ᠢᠭ᠄ 0471 — 5973300 | ᠬᠠᠷᠢᠭᠤᠴᠠᠯᠭᠠᠲᠠᠨ᠄ ᠸᠠᠩ ᠴᠦᠨ ᠯᠸᠢ | ︵ᠲᠠᠪᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ | ᠤᠬᠠᠭᠠᠨᠴᠢ ᠬᠦᠭᠵᠢᠯᠲᠡ ᠶᠢᠨ ᠰᠣᠳᠤᠯᠭᠠᠨ ᠤ ᠬᠦᠷᠢᠶᠡᠯᠡᠩ | 1. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠥᠷᠨᠢᠭᠦᠯᠦᠨ᠎ᠡ︔ | 2. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ᠂ ᠵᠠᠮ | ᠬᠠᠷᠢᠯᠴᠠᠭᠠᠨ ᠤ ᠬᠦᠴᠦᠷᠬᠡᠭ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠴᠢᠬᠤᠯᠠ ᠶᠡᠭᠡ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠥᠷᠨᠢᠭᠦᠯᠦᠨ᠎ᠡ᠃ | 3. ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠣᠶᠤᠨᠴᠢ ᠵᠠᠮ ᠬᠠᠷᠢᠯᠴᠠᠭ᠎ᠠ᠂ | ᠪᠣᠬᠢᠷᠳᠤᠯ ᠦᠭᠡᠢ ᠵᠠᠮ ᠬᠠᠷᠢᠯᠴᠠᠭ᠎ᠠ᠂ ᠠᠮᠤᠷ ᠠᠮᠤᠭᠤᠯᠠᠩ ᠵᠠᠮ ᠬᠠᠷᠢᠯᠴᠠᠭᠠᠨ ᠤ ᠳᠤᠮᠳᠠ ᠣᠷᠳᠣ ᠬᠤᠭᠤᠴᠠᠭᠠᠨ ᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠠᠵᠤ ᠠᠬᠤᠢ ᠬᠢᠭᠡᠳ ᠠᠵᠤ ᠦᠢᠯᠡᠰ ᠤᠨ ᠲᠥᠷᠥ ᠶᠢᠨ | ᠪᠣᠳᠣᠯᠭ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠲᠡᠭᠡᠭᠡᠪᠦᠷᠢ ᠶᠢᠨ ᠵᠠᠩᠭᠢᠯᠠᠭ᠎ᠠ᠂ ᠲᠡᠭᠡᠭᠡᠪᠦᠷᠢ ᠶᠢᠨ ᠨᠡᠪᠲᠡᠷᠡᠬᠦ | ᠵᠠᠮ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ ᠲᠥᠪᠯᠡᠷᠡᠭᠦᠯᠬᠦ ᠲᠠᠷᠬᠠᠭᠠᠬᠤ | ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠣᠷᠭᠠᠨᠢᠭ ᠢᠶᠠᠷ | ᠵᠣᠯᠭᠠᠭᠤᠯᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠶᠢᠨ ᠳᠦᠷᠢᠮ᠂ ᠪᠠᠷᠢᠮᠵᠢᠶ᠎ᠠ᠂ ᠵᠢᠷᠤᠮᠵᠢᠯ᠂ ᠮᠡᠷᠭᠡᠵᠢᠯ ᠤᠨ | ᠰᠤᠳᠤᠯᠭᠠᠨ ᠤ ᠠᠵᠢᠯ ᠢ ᠥᠷᠨᠢᠭᠦᠯᠦᠨ᠎ᠡ᠃ | 4. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠡᠷᠡᠭᠯᠡᠭᠡᠨ ᠤ ᠰᠠᠭᠤᠷᠢ᠂ ᠵᠠᠩᠭᠢᠯᠠᠭ᠎ᠠ ᠶᠢᠨ ᠨᠡᠶᠢᠲᠡᠴᠢ | ᠴᠢᠨᠠᠷᠲᠠᠢ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ᠂ ᠦᠷ᠎ᠡ ᠪᠦᠲᠦᠭᠡᠯ ᠤᠨ ᠳᠡᠯᠭᠡᠷᠡᠭᠦᠯᠦᠯᠲᠡ᠂ | ᠪᠠᠷᠢᠮᠵᠢᠶᠠᠵᠢᠭᠤᠯᠤᠯᠲᠠ ᠪᠠ ᠴᠢᠳᠠᠪᠤᠷᠢᠲᠠᠨ ᠤ ᠨᠡᠭᠡᠭᠡᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ | ᠡᠭᠦᠷᠭᠡᠯᠡᠨ᠎ᠡ︔ ︽ᠥᠪᠥᠷ ᠮᠣᠩᠭᠤᠯ ᠤᠨ ᠵᠠᠰᠠᠮᠠᠯ ᠵᠠᠮ ᠬᠢᠭᠡᠳ ᠲᠡᠭᠡᠭᠡᠪᠦᠷᠢ︾ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠬᠡᠪᠯᠡᠯ ᠤᠨ ᠠᠵᠢᠯ ᠢ ᠡᠭᠦᠷᠭᠡᠯᠡᠨ᠎ᠡ᠃ | 5. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠲᠤᠰᠢᠶᠠᠵᠤ ᠳᠠᠭᠤᠰᠤᠭᠰᠠᠨ ᠪᠠᠷᠢᠯᠭ᠎ᠠ ᠶᠢ ᠰᠢᠯᠭᠠᠨ ᠬᠤᠷᠢᠶᠠᠵᠤ | ᠪᠠᠶᠢᠴᠠᠭᠠᠨ ᠬᠡᠮᠵᠢᠬᠦ᠂ ᠰᠢᠯᠭᠠᠨ ᠪᠠᠲᠤᠯᠠᠬᠤ ᠴᠢᠨᠠᠷᠲᠠᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠠᠵᠢᠯ᠂ ᠪᠠᠷᠢᠯᠭ᠎ᠠ ᠶᠢᠨ | ᠲᠥᠬᠦᠭᠡᠷᠦᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢ ᠡᠭᠦᠷᠭᠡᠯᠡᠵᠦ᠂ ᠵᠠᠰᠠᠮᠠᠯ ᠵᠠᠮ ᠤᠰᠤᠨ | ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠢᠨᠠᠨ ᠲᠣᠭᠲᠠᠭᠠᠬᠤ ᠶᠢᠨ ᠮᠡᠷᠭᠡᠵᠢᠯ ᠤᠨ ᠲᠤᠯᠭᠠᠭᠤᠷᠢᠯᠠᠯ | ᠪᠠ ᠲᠤᠰᠠᠯᠠᠬᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠬᠠᠷᠢᠯᠴᠠᠭᠠᠨ ᠤ | ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠶᠢᠨ ᠰᠤᠳᠤᠯᠭᠠᠨ ᠤ ᠲᠥᠪ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠰᠤᠳᠤᠯᠭᠠᠨ ᠤ ᠲᠥᠪ᠂ ᠤᠶᠤᠨᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠲᠤᠤᠷ᠎ᠠ ᠨᠡᠭᠦᠷᠡᠰᠦᠲᠥ᠋ᠷᠥᠭᠴᠢᠲᠤ ᠵᠠᠮ | ᠬᠠᠷᠢᠯᠴᠠᠭᠠᠨ ᠤ ᠰᠤᠳᠤᠯᠭᠠᠨ ᠤ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠢᠨᠵᠧᠨᠧᠷᠢᠩ ᠤᠨ | ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ᠂ ᠢᠨᠵᠧᠨᠧᠷᠢᠩ ᠤᠨ ᠲᠥᠬᠦᠭᠡᠷᠦᠮᠵᠢ ᠶᠢᠨ ᠬᠡᠮᠵᠢᠯᠲᠡ ᠶᠢᠨ ᠲᠥᠪ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠬᠢᠭᠡᠳ ᠬᠤᠶᠢᠲᠤ ᠬᠤᠶᠠᠳᠤᠭᠠᠷ | ᠲᠣᠭᠤᠷᠢᠯ ᠵᠠᠮ ᠤᠨ ᠠᠭᠤᠯᠵᠠᠷ ᠤᠨ ᠡᠮᠦᠨ᠎ᠡ 300 ᠮᠧᠲᠷ ᠤᠨ ᠪᠠᠷᠠᠭᠤᠨ ᠭᠤᠳᠤᠮᠵᠢ ᠶᠢᠨ ᠳᠣᠲᠣᠷ᠎ᠠ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠬᠡᠯᠪᠡᠷᠢ᠄ 0471-6536771 | ᠬᠠᠷᠢᠭᠤᠴᠠᠯᠭᠠᠲᠠᠨ᠄ ᠵᠠᠩ ᠬᠤᠩ ᠸᠧᠢ | ︵ᠵᠢᠷᠭᠤᠭ᠎ᠠ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠦᠷᠲᠡᠭᠡ | 1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ | ᠲᠠᠯᠪᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ ᠵᠡᠷᠭᠡ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠲᠥᠷᠥ ᠶᠢᠨ ᠪᠣᠳᠣᠯᠭ᠎ᠠ᠂ ᠳᠦᠷᠢᠮ ᠪᠣᠯᠣᠨ ᠪᠠᠷᠢᠮᠵᠢᠶ᠎ᠠ ᠶᠢ ᠲᠤᠭᠤᠷᠪᠢᠨ ᠪᠢᠴᠢᠬᠦ ᠠᠵᠢᠯ ᠳᠤ | ᠣᠷᠤᠯᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠤ ᠣᠷᠣᠯᠴᠠᠨ᠎ᠠ︔ | 2. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠢᠨᠠᠨ ᠬᠠᠮᠢᠶᠠᠷᠬᠤ᠂ | ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠠᠮᠢᠶᠠᠷᠤᠯᠲᠠ ᠵᠡᠷᠭᠡ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ | ᠠᠵᠢᠯ ᠢ ᠡᠭᠦᠷᠭᠡᠯᠡᠨ᠎ᠡ︔ | 3. ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠤ ᠬᠢᠨᠠᠨ ᠬᠡᠮᠵᠢᠯᠲᠡ᠂ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ︔ | | 4. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠡᠳ᠋ ᠤᠨ ᠶᠠᠪᠤᠳᠠᠯ ᠤᠨ ᠰᠠᠯᠠᠭ᠎ᠠ᠂ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ᠂ ᠬᠢᠨᠠᠨ ᠬᠠᠮᠢᠶᠠᠷᠴᠤ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠰᠠᠯᠠᠭ᠎ᠠ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 105 ᠳ᠋ᠤᠭᠠᠷ | ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠯᠴᠠᠬᠤ ᠬᠡᠯᠪᠡᠷᠢ᠄ 0471-6550407 | ᠬᠠᠷᠢᠭᠤᠴᠠᠯᠭᠠᠲᠠᠨ᠄ ᠵᠠᠩ ᠯᠧ | |