︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠤᠨ᠎ᠠ — ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠵᠠᠮ ᠢᠶᠠᠷ ᠡᠯᠡᠰᠦᠷᠬᠡᠭᠵᠢᠯ ᠶᠢ ᠵᠠᠰᠠᠵᠤ︾ ᠨᠣᠭᠤᠭᠠᠷᠠᠭᠤᠯᠤᠯᠲᠠ ᠪᠠ ᠬᠦᠭᠵᠢᠯᠲᠡ ᠶᠢ ᠬᠠᠮᠲᠤ ᠪᠠᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/3
    ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠭᠤᠤᠯ ᠲᠠᠯᠠᠪᠤᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠎ ᠤᠨ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠷᠠᠯᠲᠠ ᠪᠠᠨ ᠲᠣᠭᠲᠠᠭᠠᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠎ ᠪᠠᠷ ᠬᠠᠷᠠᠯᠲᠠ ᠪᠣᠯᠭᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠᠷ ᠭᠤᠤᠯ ᠰᠢᠪᠲᠤᠯᠬᠤ ᠴᠢᠭᠯᠡᠯ ᠪᠣᠯᠭᠠᠵᠤ᠂ ᠵᠠᠮ ᠢᠶᠠᠷ ᠡᠯᠡᠰᠦᠷᠬᠡᠭᠵᠢᠯ ᠢ ᠵᠠᠰᠠᠬᠤ᠂ ᠬᠡᠰᠡᠭ ᠬᠤᠪᠢᠶᠠᠨ ᠰᠠᠯᠭᠠᠨ ᠵᠠᠰᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠮᠢᠶᠠᠷᠴᠤ ᠬᠠᠮᠠᠭᠠᠯᠠᠭᠰᠠᠨ ᠰᠢᠨᠵᠢᠯᠡᠬᠦ ᠤᠬᠠᠭᠠᠨᠴᠢ ᠡᠯᠡᠰᠦᠷᠬᠡᠭᠵᠢᠯ ᠢ ᠵᠠᠰᠠᠬᠤ ᠵᠠᠭᠪᠤᠷ ᠢ ᠪᠦᠷᠢᠯᠳᠦᠭᠦᠯᠵᠦ᠂ ᠨᠡᠯᠦᠭᠡᠷ ᠶᠡᠭᠡ ᠡᠯᠡᠰᠦ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ᠂ ︽ᠵᠠᠮ ᠎ ᠢᠶᠠᠷ ᠡᠯᠡᠰᠦᠷᠬᠡᠭᠵᠢᠯ ᠢ ᠵᠠᠰᠠᠬᠤ︾᠎ ᠶᠢ ᠪᠡᠶᠡᠯᠡᠭᠦᠯᠪᠡ᠃
1.jpg
    ᠬᠤᠷᠴᠢᠨ ᠤ ᠡᠯᠡᠰᠦᠷᠬᠡᠭ ᠭᠠᠵᠠᠷ ᠤᠨ ︽ᠬᠤᠤᠰ ᠵᠠᠭᠤᠨ ᠲᠦᠮᠡᠨ ᠮᠥ︾᠎ ᠶᠢᠨ ᠠᠭᠤᠯᠠ ᠲᠥᠷᠥᠯ ᠵᠦᠶᠯ ᠤᠨ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠠᠭᠠᠷ ᠠᠴᠠ ᠰᠡᠭᠦᠳᠡᠷᠯᠡᠭᠰᠡᠨ ᠨᠢ᠃ ᠵᠢᠶ ᠵᠢᠶᠠ ᠸᠧᠶ ᠰᠡᠭᠦᠳᠡᠷᠯᠡᠪᠡ᠃    ᠨᠠᠮᠤᠷ ᠤᠨ ᠡᠬᠢ ᠪᠠᠷ᠂ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠵᠠᠭᠤᠨ ᠲᠦᠮᠡᠨ ᠮᠦ︾᠎ ᠶᠢᠨ ᠠᠭᠤᠯᠠ ᠲᠦᠷᠦᠯ ᠵᠦᠢᠯ ᠤᠨ ᠲᠣᠭᠤᠷᠢᠭ ᠲᠤ᠂ ᠨᠢᠭᠡ ᠵᠤᠷᠪᠤᠰ ᠡᠯᠡᠰᠦ ᠶᠢ ᠲᠤᠭᠤᠯᠤᠭᠰᠠᠨ ᠵᠠᠰᠠᠮᠠᠯ ᠵᠠᠮ ᠨᠢ ᠲᠦᠷᠦᠯ ᠵᠦᠢᠯ ᠤᠨ ᠣᠷᠣᠨ ᠢ ᠬᠤᠶᠠᠷ ᠬᠤᠪᠢᠶᠠᠵᠤ᠂ ᠲᠦᠷᠦᠯ ᠵᠦᠢᠯ ᠤᠨ ᠣᠷᠣᠨ ᠳᠤ ᠡᠪᠡᠰᠦ ᠮᠣᠳᠣ ᠬᠥᠬᠡᠷᠡᠨ ᠨᠣᠭᠤᠭᠠᠷᠠᠵᠤ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠳᠤ ᠬᠤᠩᠬᠢᠯ ᠪᠣᠯᠵᠠᠢ᠃ ᠣᠶᠢᠯᠠᠭᠠᠭᠰᠠᠨ ᠢᠶᠠᠷ᠂ 2021 ᠣᠨ ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾᠎ ᠤᠨ ᠲᠣᠭᠤᠷᠢᠨ ᠳᠤ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠵᠦ᠂ ᠤᠷᠢᠳ ᠬᠤᠵᠢᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ︽ᠬᠤᠤᠰ ᠵᠠᠭᠤᠨ ᠲᠦᠮᠡ︾ ᠮᠥ ᠶᠢᠨ ᠲᠥᠷᠥᠯ ᠵᠦᠶᠯ᠂ 153.11 ᠲᠦᠮᠡᠨ ᠮᠥ ᠶᠢᠨ ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠶᠯ ᠪᠠ 30 ᠲᠦᠮᠡᠨ ᠮᠥ ᠶᠢᠨ ᠧᠦ᠋ᠷᠣᠫᠠ ᠶᠢᠨ ᠪᠠᠯᠠ ᠣᠷᠣᠭᠤᠯᠤᠯᠲᠠ ᠪᠠᠩᠬᠢ ᠶᠢᠨ ᠲᠥᠷᠥᠯ ᠵᠦᠶᠯ ᠢ ᠪᠥᠲᠥᠭᠡᠨ ᠪᠠᠶᠢᠭᠤᠯᠪᠠ᠃     ︽ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠨᠢ ᠴᠢᠬᠢ ᠮᠣᠳᠣ ᠵᠥᠭᠡᠭᠡᠪᠦᠷᠢᠯᠡᠬᠦ ᠵᠡᠷᠭᠡ ᠬᠥᠮᠦᠨ ᠤ ᠬᠦᠴᠦᠨ ᠤ ᠲᠡᠭᠡᠭᠡᠪᠦᠷᠢ ᠶᠢᠨ ᠥᠪᠡᠷ ᠤᠨ ᠥᠷᠲᠡᠭ ᠢ ᠠᠷᠪᠢᠯᠠᠬᠤ ᠶᠢᠨ ᠬᠠᠮᠲᠤ ᠰᠡᠭᠦᠯᠴᠢ ᠶᠢᠨ ᠬᠤᠭᠤᠴᠠᠭᠠᠨ ᠤ ᠲᠥᠷᠥᠯ ᠵᠦᠶᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠬᠠᠮᠢᠶᠠᠷᠴᠤ ᠬᠠᠮᠠᠭᠠᠯᠠᠬᠤ᠂ ᠭᠠᠯ ᠰᠡᠷᠭᠡᠶᠢᠯᠡᠬᠦ ᠵᠡᠷᠭᠡ ᠲᠠᠯ᠎ᠠ ᠪᠠᠷ ᠴᠤ ᠠᠰᠢᠭᠲᠠᠶ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠥᠷᠨᠢᠭᠦᠯᠬᠦ ᠳᠤ ᠬᠦᠴᠦᠲᠡᠶ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠬᠠᠩᠭᠠᠬᠤ ᠪᠣᠯᠤᠨ᠎ᠠ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠡᠯᠡᠰᠦ ᠶᠢ ᠵᠠᠰᠠᠵᠤ ᠣᠶᠢᠵᠢᠭᠤᠯᠬᠤ ᠲᠠᠰᠤᠭ ᠤᠨ ᠬᠠᠷᠢᠭᠤᠴᠠᠯᠭᠠᠲᠠᠨ ᠭᠦᠸᠧ ᠶᠠᠨ ᠲᠠᠨᠢᠯᠴᠠᠭᠤᠯᠵᠠᠢ᠃     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠦᠵᠡᠮᠵᠢ ᠶᠢᠨ ᠣᠷᠣᠨ ᠬᠤᠷᠴᠢᠨ ᠤ ᠡᠯᠡᠰᠦᠷᠬᠡᠭ ᠭᠠᠵᠠᠷ ᠤᠨ ᠵᠡᠭᠦᠨ ᠵᠠᠬ᠎ᠠ ᠳᠤ ᠪᠠᠶᠢᠷᠢᠯᠠᠵᠤ᠂ 2020 ᠣᠨ ᠳᠤ ᠵᠢᠭᠤᠯᠴᠢᠯᠠᠯ ᠤᠨ ᠵᠠᠰᠠᠮᠠᠯ ᠵᠠᠮ ᠨᠡᠪᠲᠡᠷᠡᠭᠰᠡᠨ ᠤ ᠳᠠᠷᠠᠭ᠎ᠠ᠂ ᠠᠭᠤᠯᠠ ᠦᠵᠡᠮᠵᠢ ᠶᠢᠨ ᠣᠷᠣᠨ ᠳᠤ ᠬᠦᠷᠴᠦ ᠵᠤᠭᠠᠴᠠᠨ ᠲᠣᠭᠤᠷᠢᠬᠤ ᠵᠤᠭᠠᠴᠠᠭᠰᠠᠳ ᠶᠠᠪᠤᠬᠤ ᠲᠤᠲᠤᠮ ᠣᠯᠠᠰᠢᠷᠠᠵᠤ᠂ ᠵᠢᠯ ᠪᠦᠷᠢ ᠶᠢᠨ ᠵᠤᠨ ᠤ ᠤᠯᠠᠷᠢᠯ ᠳᠤ ᠵᠢᠭᠤᠯᠴᠢᠯᠠᠯ ᠤᠨ ᠣᠷᠭᠢᠯ ᠤᠨ ᠬᠤᠭᠤᠴᠠᠭᠠᠨ ᠳᠤ ᠣᠷᠣᠵᠤ᠂ ᠦᠵᠡᠮᠵᠢ ᠶᠢᠨ ᠣᠷᠣᠨ ᠤ ᠥᠪᠡᠷᠮᠢᠴᠡ ᠣᠨᠴᠠᠯᠢᠭ ᠪᠦᠬᠦᠢ ᠦᠵᠡᠮᠵᠢ ᠨᠢ ᠵᠤᠭᠠᠴᠠᠭᠰᠠᠳ ᠤᠨ ᠤᠮᠠᠷᠠᠲᠤ ᠬᠢᠯᠢ ᠶᠢᠨ ᠣᠨᠴᠠᠯᠢᠭ ᠢ ᠮᠡᠳᠡᠷᠡᠬᠦ ᠠᠮᠢ ᠠᠬᠤᠶ ᠶᠢᠨ ᠵᠤᠭᠠᠴᠠᠨ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ ᠭᠠᠵᠠᠷ ᠪᠣᠯᠤᠭᠰᠠᠨ ᠪᠠᠶᠢᠨ᠎ᠠ᠃     ︽ᠤᠳᠤ᠂ ᠠᠭᠤᠯᠠ ᠲᠠᠯ᠎ᠠ ᠨᠤᠲᠤᠭ ᠤᠨ ᠵᠤᠭᠠᠴᠠᠯ ᠤᠨ ᠣᠷᠣᠨ ᠳᠤ ᠢᠷᠡᠵᠦ ᠵᠤᠭᠠᠴᠠᠨ ᠨᠠᠭᠠᠳᠬᠤ ᠳᠤ᠂ ᠥᠪᠡᠷ ᠢᠶᠠᠨ ᠲᠡᠷᠭᠡ ᠵᠢᠯᠤᠭᠤᠳᠤᠨ ᠢᠷᠡᠵᠦ ᠪᠣᠯᠣᠨ᠎ᠠ᠂ ᠵᠠᠮ ᠵᠠᠰᠠᠵᠤ ᠡᠯᠡᠰᠦ ᠶᠢ ᠵᠠᠰᠠᠭᠰᠠᠨ ᠠᠴᠠ ᠵᠠᠮ ᠬᠠᠷᠢᠯᠴᠠᠭ᠎ᠠ ᠴᠤ ᠲᠦᠬᠦᠮ ᠪᠣᠯᠵᠠᠢ᠂ ᠥᠪᠡᠷ ᠢᠶᠠᠨ ᠲᠡᠷᠭᠡ ᠵᠢᠯᠣᠭᠤᠳᠴᠤ ᠪᠠᠶᠢᠭᠠᠳ ᠵᠠᠮ ᠤᠨ ᠬᠤᠶᠠᠷ ᠬᠠᠵᠠᠭᠤ ᠳᠠᠬᠢ ᠮᠣᠳᠣ᠂ ᠨᠠᠭᠤᠷ ᠨᠢ ᠮᠠᠰᠢ ᠭᠤᠶᠤ ᠪᠠᠶᠢᠵᠤ᠂ ᠰᠡᠳᠬᠢᠯ ᠰᠠᠨᠠᠭ᠎ᠠ ᠶᠢ ᠴᠤ ᠠᠭᠤᠵᠢᠷᠠᠭᠤᠯᠤᠨ᠎ᠠ︾ ᠭᠡᠵᠦ ᠵᠤᠭᠠᠴᠠᠭᠴᠢ ᠪᠤᠤ ᠳ᠋ᠠᠢ ᠰᠢᠶᠦ᠋ᠩ ᠬᠡᠯᠡᠪᠡ᠃     ︽ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠵᠤ ᠦᠶᠯᠡᠰ ᠲᠦᠷᠭᠡᠨ ᠬᠥᠭᠵᠢᠵᠦ᠂ ᠴᠥᠩᠭᠦᠯ ᠤᠨ ᠭᠤᠤ ᠶᠢᠨ ᠦᠵᠡᠮᠵᠢ ᠶᠢᠨ ᠣᠷᠣᠨ᠂ ᠰᠤᠭᠤᠨ ᠡᠯᠡᠰᠦᠨ ᠴᠥᠯ ᠤᠨ ᠦᠵᠡᠮᠵᠢ ᠶᠢᠨ ᠣᠷᠣᠨ᠂ ᠠᠭᠤᠯᠠ ᠦᠵᠡᠮᠵᠢ ᠎ ᠶᠢᠨ ᠣᠷᠣᠨ᠂ ᠬᠤᠷᠴᠢᠨ ᠤ ᠦᠨᠳᠦᠰᠦᠲᠡᠨ ᠤ ᠲᠡᠦᠬᠡ ᠰᠣᠶᠣᠯ ᠤᠨ ᠬᠦᠷᠢᠶᠡᠯᠡᠩ ᠵᠡᠷᠭᠡ ᠦᠵᠡᠮᠵᠢ ᠶᠢᠨ ᠣᠷᠣᠨ ᠢ ᠬᠤᠯᠪᠣᠯᠳᠤᠭᠤᠯᠪᠠ᠃ ᠵᠠᠮ ᠬᠠᠷᠢᠯᠴᠠᠭ᠎ᠠ ᠳᠥᠭᠦᠮ ᠤᠴᠢᠷ ᠠᠴᠠ ᠨᠠᠩ ᠣᠯᠠᠨ ᠵᠤᠭᠠᠴᠠᠭᠰᠠᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ ᠲᠣᠭᠤᠷᠢᠨ ᠵᠤᠭᠠᠴᠠᠪᠠ᠃ ᠵᠢᠯ ᠤᠨ ᠡᠬᠢᠨ ᠠᠴᠠ ᠨᠠᠭᠠᠰᠢ᠂ ᠵᠤᠭᠠᠴᠠᠭᠰᠠᠳ ᠢ ᠨᠡᠶᠢᠲᠡ 175.12 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠎ ᠬᠢ ᠠᠴᠠ 45.09%᠎ ᠪᠠᠷ ᠨᠡᠮᠡᠭᠳᠡᠪᠡ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠬᠠᠨ ᠪᠥᠸᠧ ᠲᠠᠨᠢᠯᠴᠠᠭᠤᠯᠪᠠ᠃     ᠠᠭᠤᠯᠠ ᠪᠠᠯᠭᠠᠰᠤᠨ ᠤ ᠶᠠᠮᠤ ᠶᠢᠨ ᠠᠶᠢᠯ ᠭᠠᠴᠠᠭ᠎ᠠ ᠨᠢ ᠤᠯᠤᠰ ᠤᠨ ᠵᠠᠮ ᠤᠨ 304 ᠱᠤᠭᠤᠮ ᠠᠴᠠ ᠰᠤᠭᠤᠨ ᠡᠯᠡᠰᠦᠨ ᠴᠥᠯ ᠤᠨ ᠦᠵᠡᠮᠵᠢ ᠶᠢᠨ ᠣᠷᠣᠨ ᠬᠥᠷᠬᠦ ᠵᠢᠭᠤᠯᠴᠢᠯᠠᠯ ᠤᠨ ᠵᠠᠰᠠᠮᠠᠯ ᠵᠠᠮ ᠤᠨ ᠳᠠᠭᠠᠤ ᠪᠠᠶᠢᠷᠢᠯᠠᠵᠤ᠂ ᠲᠡᠵᠢᠭᠡᠨ ᠦᠷᠡᠵᠢᠭᠦᠯᠬᠦ ᠡᠷᠦᠬᠡ ᠰᠠᠶᠢᠨᠵᠢᠷᠭᠠᠯ ᠪᠣᠯᠤᠨ ᠳᠡᠭᠦᠦᠵᠠᠯᠭ᠎ᠠ ᠡᠷ᠎ᠡ ᠡᠮ᠎ᠡ ᠬᠤᠶᠠᠭᠤᠯᠠ ᠳᠤ ᠠᠪᠴᠤ ᠬᠡᠯᠡᠪᠡᠯ᠂ ᠡᠯᠡᠰᠦ ᠶᠢ ᠳᠤᠭᠤᠯᠤᠭᠰᠠᠨ ᠵᠠᠰᠠᠮᠠᠯ ᠵᠠᠮ ᠨᠢ ᠶᠠᠪᠤᠵᠤ ᠰᠠᠭᠤᠬᠤ ᠳᠤ ᠲᠥᠬᠦᠮ ᠪᠣᠯᠣᠭᠰᠠᠨ ᠢᠶᠠᠷ ᠪᠠᠷᠠᠬᠤ ᠥᠬᠡᠶ᠂ ᠨᠠᠩ ᠴᠤ ᠬᠥᠭᠵᠢᠯᠲᠡ ᠶᠢᠨ ᠵᠠᠮ᠂ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ ᠪᠣᠯᠵᠠᠢ᠃     ︽ᠥᠩᠭᠡᠷᠡᠭᠰᠡᠨ ᠳᠤ ᠪᠢᠳᠡ ᠬᠤᠰᠢᠭᠤᠨ ᠠᠴᠠ ᠲᠡᠵᠢᠭᠡᠯ ᠪᠣᠷᠳᠤᠭ᠎ᠠ ᠬᠤᠳᠠᠯᠳᠤᠨ ᠠᠪᠬᠤ ᠳᠤ 2 ᠴᠠᠭ ᠭᠠᠷᠤᠢ ᠬᠡᠷᠡᠭᠰᠡᠨ᠎ᠡ᠂ ᠣᠲᠣ ᠵᠠᠰᠠᠮᠠᠯ ᠵᠠᠮ ᠨᠡᠪᠲᠡᠷᠡᠭᠰᠡᠨ ᠤ ᠳᠠᠷᠠᠭ᠎ᠠ᠂ ᠪᠢᠳᠡ ᠬᠤᠰᠢᠭᠤᠨ ᠳᠤ ᠣᠴᠢᠬᠤ ᠳᠤ ᠵᠥᠪᠬᠡᠨ 1 ᠴᠠᠭ ᠶᠠᠪᠤᠨ᠎ᠠ᠂ ᠵᠠᠮ ᠢ ᠵᠠᠰᠠᠭᠰᠠᠨ ᠤ ᠳᠠᠷᠠᠭ᠎ᠠ᠂ ᠵᠠᠮ ᠬᠠᠷᠢᠯᠴᠠᠭ᠎ᠠ ᠲᠥᠬᠦᠮ ᠪᠣᠯᠵᠣ᠂ ᠲᠦᠷᠭᠡᠨ ᠬᠦᠷᠭᠡᠯᠲᠡ ᠴᠦ ᠮᠠᠨ ᠤ ᠲᠣᠰᠬᠤᠨ ᠳᠤ ᠭᠦᠷᠦᠭᠰᠡᠨ ᠪᠠᠶᠢᠨ᠎ᠠ᠂ ᠪᠢᠳᠡ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠴᠠᠭᠠᠨ ᠢᠳᠡᠭᠡ ᠬᠤᠳᠠᠯᠳᠤᠭᠠᠳ ᠣᠷᠣᠯᠭ᠎ᠠ ᠴᠤ ᠨᠡᠮᠡᠭᠳᠡᠵᠡᠶ᠃ ︾ ᠭᠡᠵᠦ ᠠᠭᠤᠯᠠ ᠪᠠᠯᠭᠠᠰᠤᠨ ᠤ ᠶᠠᠮᠤ ᠶᠢᠨ ᠠᠶᠢᠯ ᠭᠠᠴᠠᠭ᠎ᠠ ᠶᠢᠨ ᠠᠷᠠᠳ ᠳᠡᠭᠦᠦᠵᠠᠯᠭ᠎ᠠ ᠬᠡᠯᠡᠨ᠎ᠡ᠃     ᠠᠭᠤᠯᠠ ᠪᠠᠯᠭᠠᠰᠤᠨ ᠤ ᠳᠡᠳ᠋ ᠳᠠᠷᠤᠭ᠎ᠠ ᠴᠡᠩᠭᠡᠯ᠂ ᠮᠠᠯᠴᠢᠨ ᠲᠠᠷᠢᠶᠠᠴᠢᠨ ᠤ ᠣᠷᠣᠯᠭ᠎ᠠ ᠢᠯᠡᠳᠲᠡ ᠳᠡᠭᠡᠭᠰᠢᠯᠡᠵᠦ᠂ ᠵᠤᠭᠠᠴᠠᠭᠰᠠᠳ ᠤᠨ ᠲᠤᠭ᠎ᠠ ᠨᠡᠮᠡᠭᠳᠡᠬᠦ ᠶᠢ ᠳᠠᠭᠠᠯᠳᠤᠨ᠂ ᠠᠭᠤᠯᠠ ᠪᠠᠯᠭᠠᠰᠤᠨ ᠳᠤ ᠢᠳᠡᠬᠦ᠂ ᠰᠠᠭᠤᠬᠤ᠂ ᠨᠠᠭᠠᠳᠬᠤ ᠬᠥᠮᠦᠨ ᠠᠭᠠᠵᠢᠮ ᠢᠶᠠᠷ ᠣᠯᠠᠰᠢᠷᠠᠵᠤ ᠪᠠᠶᠢᠨ᠎ᠠ᠂ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠮᠠᠯᠴᠢᠨ ᠲᠠᠷᠢᠶᠠᠴᠢᠨ ᠵᠢᠯ ᠪᠦᠷᠢ ᠶᠢᠨ ᠵᠢᠭᠤᠯᠴᠢᠯᠠᠯ ᠠᠴᠠ ᠣᠯᠤᠭᠰᠠᠨ ᠣᠷᠣᠯᠭ᠎ᠠ 2000 ᠲᠥᠭᠦᠷᠢᠭ ᠲᠤ ᠬᠦᠷᠴᠦ ᠪᠠᠶᠢᠨ᠎ᠠ ᠭᠡᠪᠡ᠃     ︽ᠠᠭᠤᠯᠠ ᠵᠢᠭᠤᠯᠴᠢᠯᠠᠯ ᠤᠨ ᠵᠠᠰᠠᠮᠠᠯ ᠵᠠᠮ ᠨᠢ ᠰᠢᠶᠠᠨ ᠤ ᠵᠠᠮ ᠤᠨ 471 ᠱᠤᠭᠤᠮ ᠤᠨ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠨᠢᠭᠡ ᠬᠡᠰᠡᠭ ᠪᠣᠯᠤᠭᠰᠠᠨ ᠤ ᠬᠤᠪᠢ ᠳᠤ᠂ ᠪᠥᠬᠦ ᠵᠠᠮ ᠤᠨ ᠣᠷᠳᠣ ᠨᠢ 57.846 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3.7 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠶᠯ ᠤᠨ ᠪᠠᠶᠢᠭᠤᠯᠤᠭᠳᠠᠭᠰᠠᠨ ᠨᠢ ᠵᠠᠮ ᠳᠠᠭᠠᠤ ᠶᠢᠨ ᠰᠤᠮᠤ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠠᠭᠤᠯᠠ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠵᠠᠮ ᠢ ᠪᠠᠶᠢᠭᠤᠯᠤᠭᠰᠠᠨ ᠎ ᠢᠶᠠᠷ ᠪᠠᠷᠠᠬᠤ ᠥᠬᠡᠶ ᠪᠠᠰᠠ ᠵᠠᠮ ᠳᠠᠭᠠᠤ ᠶᠢᠨ 29 ᠲᠦᠮᠡᠨ ᠮᠥ ᠡᠯᠡᠰᠦ ᠶᠢ ᠵᠠᠰᠠᠬᠤ ᠲᠥᠷᠥᠯ ᠵᠦᠶᠯ ᠤᠨ ᠬᠡᠷᠡᠭᠵᠢᠭᠦᠯᠦᠯᠲᠡ ᠶᠢ ᠳᠠᠶᠢᠴᠢᠯᠠᠭᠰᠠᠨ ᠪᠠᠶᠢᠨ᠎ᠠ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ ᠰᠢᠶᠤᠤ ᠭᠤᠸᠠᠩ ᠯᠸᠢ ᠬᠡᠯᠡᠪᠡ᠃     ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ ᠦᠶᠯᠡᠰ ᠤᠨ ᠵᠠᠮ ᠎ ᠤᠨ ᠲᠥᠷᠥᠯ ᠵᠦᠶᠯ ᠳᠤ ᠲᠦᠰᠢᠭᠯᠡᠨ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠷᠢᠳ ᠬᠤᠵᠢᠳ ᠭᠤᠷᠪᠠᠨ ᠬᠥᠨᠳᠡᠯᠡᠨ ᠵᠢᠷᠭᠤᠭᠠᠨ ᠭᠤᠯᠳᠤ ᠵᠠᠮ ᠤᠨ ᠲᠣᠤᠷ ᠤᠨ ᠪᠠᠶᠢᠷᠢᠰᠢᠭᠤᠯᠤᠯᠲᠠ ᠶᠢ ᠲᠥᠰᠦᠪᠯᠡᠨ ᠴᠣᠭᠴᠠᠯᠠᠪᠠ᠂ ᠣᠲᠣ ᠪᠣᠯᠲᠠᠯ᠎ᠠ᠂ ᠡᠯᠡᠰᠦ ᠶᠢ ᠳᠤᠭᠤᠯᠤᠭᠰᠠᠨ ᠵᠠᠰᠠᠮᠠᠯ ᠵᠠᠮ ᠢ 2600 ᠺᠢᠯᠣᠮᠧᠲᠷ ᠣᠷᠴᠢᠮ ᠵᠠᠰᠠᠵᠤ᠂ ᠡᠭᠦᠨ ᠳᠤ᠂ ᠬᠥᠳᠡᠭᠡ ᠲᠣᠰᠬᠤᠨ ᠤ ᠵᠠᠰᠠᠮᠠᠯ ᠵᠠᠮ 2266 ᠺᠢᠯᠣᠮᠧᠲᠷ ᠣᠷᠴᠢᠮ ᠪᠠᠶᠢᠵᠤ᠂ ᠠᠭᠤᠯᠠ ︽ᠬᠤᠣᠰ ᠵᠠᠭᠤᠨ ᠲᠦᠮᠡᠨ ᠮᠦ︾᠎ ᠶᠢᠨ ᠡᠯᠡᠰᠦᠷᠬᠡᠭᠵᠢᠯ ᠢ ᠵᠠᠰᠠᠬᠤ ᠲᠦᠷᠦᠯ ᠵᠦᠢᠯ ᠤᠨ ᠣᠷᠣᠨ᠂ ︽ᠧᠦ᠋ᠷᠣᠫᠠ ᠶᠢᠨ ᠪᠠᠯᠠ ᠣᠷᠣᠭᠤᠯᠤᠯᠲᠠ ᠶᠢᠨ ᠪᠠᠩᠬᠢ︾᠎ ᠶᠢᠨ ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠶᠯ ᠤᠨ ᠣᠷᠣᠨ ᠵᠡᠷᠭᠡ ᠶᠢ ᠬᠦᠴᠦᠯᠡᠨ ᠪᠠᠶᠢᠭᠤᠯᠵᠤ᠂ ᠠᠭᠤᠯᠠ ᠪᠠᠯᠭᠠᠰᠤ᠂ ᠪᠠᠭ᠎ᠠ ᠲᠠᠯ᠎ᠠ ᠰᠤᠮᠤ᠂ ᠭᠠᠨᠵᠤᠭ᠎ᠠ ᠪᠠᠯᠭᠠᠰᠤ ᠶᠢᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠦᠨᠳᠦᠰᠦᠨ ᠳᠤ ᠪᠠᠨ ᠪᠦᠲᠦᠮᠵᠢᠲᠡᠶ ᠵᠠᠰᠠᠵᠤ᠂ ᠡᠯᠡᠰᠦᠷᠬᠡᠭ ᠭᠠᠵᠠᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠪᠡ᠃     ︽ᠲᠠᠷᠠᠭᠠᠴᠢ ᠶᠢᠨ ᠠᠯᠬᠤᠮ ᠳᠤ᠂ ᠪᠢᠳᠡ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ 6 ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠪᠥᠬᠦ ᠵᠠᠮ ᠤᠨ ᠣᠷᠳᠣ ᠨᠢ 82 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 9620 ᠲᠦᠮᠡᠨ ᠲᠥᠭᠦᠷᠢᠭ ᠲᠤ ᠬᠦᠷᠴᠦ᠂ ᠬᠤᠷᠴᠢᠨ ᠎ ᠤ ᠡᠯᠡᠰᠦᠷᠬᠡᠭ ᠭᠠᠵᠠᠷ ᠢ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠰᠢᠶᠤᠤ ᠭᠤᠸᠠᠩ ᠯᠸᠢ ᠬᠡᠯᠡᠵᠡᠶ᠃                                                                          ︵ᠰᠠᠷᠠᠭᠤᠯ᠂ ᠵᠢᠶ ᠵᠢᠶᠠ ᠸᠧᠶ︶                               ᠲᠦᠩᠯᠢᠶᠣᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号