10 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 8 ᠴᠠᠭ ᠲᠤ᠂ G5511 ᠡᠷᠢᠶᠡᠨ | ᠬᠤᠲᠠ ᠠᠴᠠ ᠭᠤᠸᠠᠩᠵᠧᠦ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ | ᠬᠥᠷᠬᠦ ᠬᠤᠯᠪᠣᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠥᠷᠬᠦ ᠬᠡᠰᠡᠭ ᠲᠡᠷᠭᠡ ᠨᠡᠪᠲᠡᠷᠡᠪᠡ᠃ | ᠲᠣᠰ ᠲᠥᠷᠥᠯ ᠵᠦᠶᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯᠳᠠᠯᠭ᠎ᠠ ᠲᠠᠢ ᠵᠠᠰᠠᠮᠠᠯ ᠵᠠᠮ | ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ | ᠡᠮᠦᠨᠡᠲᠦ ᠬᠡᠰᠡᠭ ᠢ ᠰᠤᠨᠳᠠᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ | ᠪᠠᠷᠠᠭᠤᠨ ᠬᠡᠰᠡᠭ ᠢ ᠬᠤᠯᠪᠣᠭᠰᠠᠨ ᠵᠠᠩᠭᠢᠯᠠᠭ᠎ᠠ ᠶᠢᠨ ᠵᠠᠮ ᠪᠠᠶᠢᠵᠤ᠂ ᠤᠯᠠᠭᠠᠨᠴᠠᠪ ᠬᠤᠲᠠ ᠶᠢᠨ ᠠᠨ ᠶᠧ ᠲᠣᠰᠬᠤᠨ | ᠠᠴᠠ ᠡᠬᠢᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠩ ᠶᠣᠣ ᠪᠠᠯᠭᠠᠰᠤ᠂ ᠮᠢᠩᠭᠠᠨᠲᠤ ᠪᠠᠯᠭᠠᠰᠤ᠂ | ᠪᠤᠯᠠᠭ ᠤᠨ ᠲᠣᠬᠤᠶ ᠰᠤᠮᠤ ︵ᠰᠢᠶᠠᠩ︶ ᠪᠣᠯᠤᠨ ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤ᠂ | ᠰᠠᠶᠢᠨᠬᠤᠳᠤᠭ ᠰᠤᠮᠤ ᠪᠠᠷ ᠥᠩᠭᠡᠷᠡᠨ᠂ ᠤᠯᠠᠭᠠᠨᠬᠠᠳᠠ ᠬᠤᠲᠠ ᠶᠢᠨ ᠭᠦᠩᠵᠦ ᠶᠢᠨ ᠳᠠᠯᠠᠩ ᠲᠣᠰᠬᠤᠨ ᠬᠦᠷᠴᠦ᠂ | ᠪᠥᠬᠦ ᠣᠷᠳᠣ ᠨᠢ 178.851 ᠺᠢᠯᠣᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠣᠯᠲᠠ ᠨᠢ 62.8 ᠳ᠋ᠦᠩᠰᠢᠭᠤᠷ | ᠲᠥᠭᠦᠷᠢᠭ᠃ ᠵᠠᠮ ᠳᠠᠭᠠᠤ ᠮᠠᠰᠢ ᠣᠯᠠᠨ ᠭᠤᠶᠤ ᠦᠵᠡᠮᠵᠢ ᠣᠯᠵᠤ ᠦᠵᠡᠨ᠎ᠡ᠃ | ᠭᠤᠶᠤ ᠦᠵᠡᠮᠵᠢ ᠠᠴᠠ ᠭᠠᠳᠠᠨ᠎ᠠ᠂ ᠡᠨᠡ ᠬᠦ ᠰᠢᠨ᠎ᠡ ᠳᠡᠭᠡᠳᠤ ᠬᠤᠷᠳᠤ ᠶᠢᠨ ᠵᠠᠰᠠᠮᠠᠯ ᠵᠠᠮ ᠨᠢ ᠪᠠᠰᠠ ᠦᠨᠡᠨ | ᠪᠣᠳᠠᠲᠠᠶ ᠳᠥᠭᠦᠮ ᠳᠥᠲᠡ ᠢ ᠠᠪᠴᠢᠷᠠᠵᠠᠶ᠃ ᠲᠣᠰ ᠵᠠᠮ ᠨᠡᠪᠲᠡᠷᠡᠭᠰᠡᠨ ᠤ ᠳᠠᠷᠠᠭ᠎ᠠ᠂ ᠰᠢᠯᠢ ᠶᠢᠨ ᠭᠤᠤᠯ ᠠᠶᠢᠮᠠᠭ | ᠠᠴᠠ ᠬᠥᠬᠡᠬᠤᠲᠠ ᠳᠤ ᠬᠥᠷᠬᠦ ᠴᠠᠭ ᠨᠢ ᠤᠤᠯ ᠤᠨ 7 ᠴᠠᠭ ᠪᠠᠶᠢᠭᠰᠠᠨ ᠠᠴᠠ 5 ᠴᠠᠭ ᠪᠣᠯᠵᠣ ᠪᠣᠭᠤᠨᠢᠰᠪᠠ︕ | ᠡᠨᠡ ᠬᠦ ᠰᠢᠨ᠎ᠡ ᠳᠡᠭᠡᠳᠤ ᠬᠤᠷᠳᠤ ᠶᠢᠨ ᠵᠠᠰᠠᠮᠠᠯ ᠵᠠᠮ ᠨᠢ ᠵᠠᠮ ᠬᠠᠷᠢᠯᠴᠠᠭᠠᠨ ᠤ ᠭᠤᠣᠯ ᠰᠤᠳᠠᠰᠤ ᠪᠣᠯᠬᠤ ᠪᠠᠷ | ᠪᠠᠷᠠᠬᠤ ᠦᠭᠡᠶ ᠨᠡᠩ ᠴᠤ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠭᠦᠷ ᠪᠣᠯᠤᠨ᠎ᠠ᠃ ᠲᠡᠷᠡ ᠨᠢ ᠤᠯᠤᠰ ᠤᠨ | ᠳᠡᠭᠡᠳᠤ ᠬᠤᠷᠳᠤ ᠶᠢᠨ ᠵᠠᠮ ᠤᠨ ᠲᠣᠣᠷ ᠢ ᠲᠡᠭᠦᠯᠳᠡᠷᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠠ ᠵᠠᠮ ᠳᠠᠭᠠᠤ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |