ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠦᠶᠯᠡᠴᠢᠯᠡᠭᠡᠨ ᠤ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/31
    ᠭᠠᠳᠠᠭᠰᠢ ᠭᠠᠷᠬᠤ ᠳᠤ᠂ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠪᠣᠯ ᠪᠢᠳᠡᠨ  ᠤ ᠵᠢᠭᠤᠯᠴᠢᠯᠠᠯ ᠤᠨ ᠳᠤᠮᠳᠠ ᠴᠢᠬᠤᠯᠠ ᠠᠮᠠᠷᠠᠬᠤ ᠭᠠᠵᠠᠷ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠡᠩ ᠲᠠᠭᠠᠯᠠᠮᠵᠢᠲᠠᠢ ᠶᠠᠪᠤᠵᠤ ᠰᠠᠭᠤᠬᠤ ᠣᠶᠢᠯᠠᠭᠠᠯᠲᠠ ᠶᠢ ᠬᠠᠩᠭᠠᠬᠤ ᠶᠢᠨ ᠲᠥᠯᠥᠭᠡ ᠴᠢᠷᠮᠠᠶᠢᠭᠰᠠᠭᠠᠷ ᠢᠷᠡᠪᠡ᠃    ᠥᠨᠥᠳᠦᠷ ᠣᠯᠠᠨ ᠢ ᠳᠠᠭᠠᠭᠤᠯᠵᠤ ᠲᠡᠳᠡᠨ ᠤ ᠬᠥᠳᠡᠯᠭᠡᠭᠡᠨ ᠤ ᠲᠤᠬᠠᠶ ᠶᠢᠨ ᠲᠠᠯᠠᠪᠠᠢ ᠶᠢ ᠦᠵᠡᠶ᠎ᠡ︕
202410311556.png
    ᠰᠤᠮᠤᠨ ᠠᠭᠤᠯᠠ ᠶᠢᠨ ᠦᠶᠯᠡᠴᠢᠯᠡᠭᠡᠨ ᠤ ᠲᠣᠭᠤᠷᠢᠭ      10 ᠳ᠋ᠤᠭᠠᠷ ᠰᠠᠷ᠎ᠠ ᠶᠢᠨ 16 ᠤ ᠡᠳᠦᠷ ᠨᠢᠭᠡᠳᠦᠭᠡᠷ ᠰᠠᠯᠪᠤᠷᠢ ᠠᠩᠭᠢ ᠶᠢᠨ ᠠᠷᠪᠠᠨ ᠨᠢᠭᠡᠳᠦᠭᠡᠷ ᠶᠡᠭᠡ ᠠᠩᠭᠢ ᠰᠤᠮᠤᠨ ᠠᠭᠤᠯᠠ ᠶᠢᠨ ᠦᠶᠯᠡᠴᠢᠯᠡᠭᠡᠨ ᠤ ᠲᠣᠭᠤᠷᠢᠭ ᠲᠤ ᠪᠠᠶᠢᠴᠠᠭᠠᠯᠲᠠ ᠥᠷᠨᠢᠭᠦᠯᠪᠡ 
202410311557.png
     ᠶᠠ ᠬᠠ ᠭᠸᠦ ᠦᠶᠯᠡᠴᠢᠯᠡᠭᠡᠨ ᠤ ᠲᠣᠭᠤᠷᠢᠭ     10 ᠳ᠋ᠤᠭᠠᠷ ᠰᠠᠷ᠎ᠠ ᠶᠢᠨ 3 ᠤ ᠡᠳᠦᠷ ᠭᠤᠷᠪᠠᠳᠤᠭᠠᠷ ᠰᠠᠯᠪᠤᠷᠢ ᠠᠩᠭᠢ ᠶᠢᠨ ᠠᠷᠪᠠᠨ ᠨᠢᠭᠡᠳᠦᠭᠡᠷ ᠶᠡᠭᠡ ᠠᠩᠭᠢ ᠶᠠ ᠬᠠ ᠭᠸᠦ ᠦᠶᠯᠡᠴᠢᠯᠡᠭᠡᠨ ᠤ ᠲᠣᠭᠤᠷᠢᠭ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
202410311558.png
    ᠳ᠋ᠠᠪᠠᠨ ᠦᠶᠯᠡᠴᠢᠯᠡᠭᠡᠨ ᠤ ᠲᠣᠭᠤᠷᠢᠭ     10 ᠳ᠋ᠤᠭᠠᠷ ᠰᠠᠷ᠎ᠠ ᠶᠢᠨ 3 ᠤ ᠡᠳᠦᠷ ᠵᠢᠷᠭᠤᠳᠤᠭᠠᠷ ᠰᠠᠯᠪᠤᠷᠢ ᠠᠩᠭᠢ ᠶᠢᠨ ᠲᠠᠪᠤᠳᠤᠭᠠᠷ ᠶᠡᠭᠡ ᠠᠩᠭᠢ ᠳ᠋ᠠᠪᠠᠨ ᠦᠶᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠦᠶᠯᠡᠴᠢᠯᠡᠭᠡ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
202410311559.png
      ᠰᠢᠩ ᠾᠧ ᠦᠶᠯᠡᠴᠢᠯᠡᠭᠡᠨ ᠤ ᠲᠣᠭᠤᠷᠢᠭ     9 ᠳ᠋ᠦ᠋ᠭᠡᠷ ᠰᠠᠷ᠎ᠠ ᠶᠢᠨ 19 ᠤ ᠡᠳᠦᠷ ᠨᠠᠶᠮᠠᠳᠤᠭᠠᠷ ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ ᠰᠢᠩ ᠾᠧ ᠦᠶᠯᠡᠴᠢᠯᠡᠭᠡᠨ ᠤ ᠲᠣᠭᠤᠷᠢᠭ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
202410311560.png
      ᠯᠢᠨᠾᠧ ᠦᠢᠯᠡᠴᠢᠯᠡᠭᠡᠨ ᠤ ᠲᠣᠭᠤᠷᠢᠭ    10 ᠳ᠋ᠤᠭᠠᠷ ᠰᠠᠷ᠎ᠠ ᠶᠢᠨ 4 ᠤ ᠡᠳᠦᠷ ᠠᠷᠪᠠᠳᠤᠭᠠᠷ ᠰᠠᠯᠪᠤᠷᠢ ᠠᠩᠭᠢ ᠶᠢᠨ ᠲᠠᠪᠤᠳᠤᠭᠠᠷ ᠶᠡᠭᠡ ᠠᠩᠭᠢ ᠯᠢᠨᠾᠧ ᠦᠶᠯᠡᠴᠢᠯᠡᠭᠡᠨ ᠤ ᠲᠣᠭᠤᠷᠢᠭ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ     ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠵᠢᠯ ᠲᠥᠷᠥᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠣᠷᠣᠨ  ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ︵ᠲᠡᠷᠭᠡ ᠵᠣᠭᠰᠣᠬᠤ ᠲᠣᠭᠤᠷᠢᠭ︶ ᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠬᠤ᠂ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ  ᠶᠢ ᠴᠢᠬᠤᠯᠠ ᠡᠭᠦᠷᠭᠡ ᠪᠣᠯᠭᠠᠵᠤ᠂ ᠠᠷᠠᠳ ᠣᠯᠠᠨ ᠤ ᠶᠠᠪᠤᠵᠤ ᠰᠠᠭᠤᠬᠤ ᠳᠤ ᠪᠥᠬᠦ ᠬᠦᠴᠦᠨ ᠢᠶᠠᠷ ᠰᠠᠶᠢᠲᠤᠷ ᠦᠶᠯᠡᠴᠢᠯᠡᠪᠡ᠃     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠨᠢ ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ︵ᠲᠡᠷᠭᠡ ᠵᠣᠭᠰᠣᠬᠤ ᠲᠣᠭᠤᠷᠢᠭ︶ ᠤᠨ ᠦᠶᠯᠡᠴᠢᠯᠡᠭᠡᠨ ᠤ ᠶᠠᠰᠤ ᠴᠢᠨᠠᠷ ᠢ ᠰᠢᠯᠭᠠᠨ ᠦᠨᠡᠯᠡᠬᠦ ᠪᠠᠷᠢᠮᠵᠢᠶ᠎ᠠ︾ ᠲᠠᠢ ᠴᠢᠩᠭ᠎ᠠ ᠬᠠᠷᠢᠴᠠᠭᠤᠯᠵᠤ᠂ ᠢᠳᠡᠭᠡᠨ ᠤᠮᠳᠠᠭᠠᠨ᠂ ᠬᠡᠲᠦ ᠳᠡᠯᠭᠡᠭᠦᠷ᠂ ᠲᠣᠰᠣ ᠨᠡᠮᠡᠬᠦ ︵ᠬᠡᠢ︶᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠦᠶᠯᠡᠴᠢᠯᠡᠭᠡᠨ ᠤ ᠪᠠᠶᠢᠳᠠᠯ ᠳᠤ ᠪᠠᠶᠢᠩᠭᠤᠵᠢᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠨᠢᠭᠦᠯᠪᠡ᠃ ᠠᠰᠠᠭᠤᠳᠠᠯ ᠢ ᠣᠯᠵᠤ ᠮᠡᠳᠡᠮᠡᠭᠴᠡ ᠴᠠᠭ ᠲᠤᠬᠠᠶ ᠳᠤ ᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠦᠶᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号