ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2021 ᠣᠨ ᠳᠤ ︽ᠵᠠᠰᠠᠮᠠᠯ ᠵᠠᠮ ᠠᠷᠠᠴᠢᠯᠠᠨ ᠬᠠᠮᠠᠭᠠᠯᠠᠬᠤ | ᠠᠵᠢᠯ ᠤᠨ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ᠵᠠᠷᠯᠢᠭ 2021 ᠣᠨ ᠤ 22 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ | ᠠᠷᠠᠴᠢᠯᠠᠨ ᠬᠠᠮᠠᠭᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠯᠣᠭᠤᠳᠤᠨ ᠵᠢᠷᠤᠮᠵᠢᠭᠤᠯᠪᠠ᠃ ᠡᠭᠦᠨ ᠤ ᠬᠠᠮᠲᠤ᠂ | ᠡᠯ᠎ᠡ ᠮᠤᠵᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ | ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ | ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠮᠠᠨ ᠤ | ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ 2021 ᠣᠨ ᠤ ᠡᠴᠦᠰ ᠲᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ | ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠤᠷᠰᠢᠨ ᠬᠡᠷᠡᠭᠵᠢᠭᠦᠯᠬᠦ | ᠬᠤᠭᠤᠴᠠᠭ᠎ᠠ ᠨᠢ 2 ᠵᠢᠯ᠂ ᠡᠨᠡ ᠵᠢᠯ ᠬᠤᠭᠤᠴᠠᠭ᠎ᠠ ᠨᠢ ᠲᠤᠯᠪᠠ᠃ ᠮᠠᠨ ᠤ ᠣᠷᠣᠨ ᠤ ᠵᠠᠰᠠᠮᠠᠯ ᠵᠠᠮ ᠠᠷᠠᠴᠢᠯᠠᠨ | ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠤᠰᠠᠳᠠ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠬᠡᠷᠡᠭᠵᠢᠭᠦᠯᠬᠦ ᠨᠠᠷᠢᠨ | ᠳᠦᠷᠢᠮ︾ ᠳᠤ ᠵᠠᠰᠠᠪᠤᠷᠢ ᠣᠷᠣᠭᠤᠯᠪᠠ᠃ | ᠬᠤᠶᠠᠷ᠂ ᠵᠠᠰᠠᠪᠤᠷᠢ ᠣᠷᠣᠭᠤᠯᠤᠭᠰᠠᠨ ᠭᠤᠤᠯ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ | ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ | ᠭᠤᠷᠪᠠ᠂ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ | ᠲᠣᠰ ᠤᠳᠠᠭ᠎ᠠ ᠶᠢᠨ ᠵᠠᠰᠠᠪᠤᠷᠢ ᠣᠷᠣᠭᠤᠯᠤᠭᠰᠠᠨ ᠳᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ | ᠨᠢᠭᠡᠴᠢ ᠶᠢᠨ ᠬᠢᠷᠢ ᠬᠡᠮ ᠤᠨ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ᠂ ᠬᠦᠴᠦᠨ ᠥᠬᠡᠶ | ᠪᠣᠯᠭᠠᠬᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠠᠭᠤᠯᠭ᠎ᠠ ᠶᠢ ᠨᠡᠮᠡᠵᠦ᠂ ᠵᠥᠪᠰᠢᠶᠡᠷᠡᠯ ᠥᠬᠡᠶ | ᠵᠢᠴᠢ ᠵᠥᠪᠰᠢᠶᠡᠷᠡᠯ ᠢ ᠬᠦᠴᠦᠨ ᠥᠬᠡᠶ ᠪᠣᠯᠭᠠᠬᠤ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠡᠭᠡᠭᠰᠡᠨ | ᠦᠨᠡᠮᠯᠡᠯ ᠢ ᠨᠥᠬᠦᠵᠦ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠪᠡ᠃ | ᠳᠥᠷᠪᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠣᠯ ᠬᠡᠰᠡᠭ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠷᠡᠭᠵᠢᠭᠦᠯᠬᠦ ᠨᠠᠷᠢᠨ ᠲᠦᠷᠢᠮ︾ ᠳᠤ ᠶᠡᠷᠦᠩᠬᠡᠶ ᠲᠦᠷᠢᠮ᠂ ᠬᠢᠷᠢ | ᠬᠡᠮ ᠤᠨ ᠠᠩᠭᠢᠯᠠᠯ ᠬᠢᠭᠡᠳ ᠨᠥᠬᠦᠴᠡᠯ᠂ ᠬᠢᠷᠢ ᠬᠡᠮ ᠤᠨ ᠭᠤᠶᠤᠴᠢᠯᠠᠯ ᠪᠠ ᠵᠦᠪᠰᠢᠶᠡᠷᠡᠯ᠂ ᠦᠷᠭᠦᠯᠵᠢᠯᠡᠭᠦᠯᠬᠦ | ᠲᠥᠷᠥᠯ ᠵᠦᠢᠯ ᠨᠡᠮᠡᠬᠦ ᠬᠢᠭᠡᠳ ᠬᠤᠪᠢᠷᠠᠭᠤᠯᠬᠤ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ 6 | ᠪᠦᠯᠦᠭ ᠨᠡᠶᠢᠲᠡ 27 ᠵᠦᠢᠯ ᠪᠠᠭᠲᠠᠨ᠎ᠠ᠂ ᠭᠤᠤᠯ ᠠᠭᠤᠯᠭ᠎ᠠ ᠨᠢ ᠳᠣᠤᠷᠠᠬᠢ ᠮᠡᠲᠦ᠄ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ 4 ᠵᠦᠢᠯ᠃ ᠭᠤᠤᠯᠳᠠᠭᠤ ᠬᠠᠤᠯᠢ ᠴᠠᠭᠠᠵᠠ ᠶᠢᠨ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠦᠨᠳᠦᠰᠦᠨ | ᠵᠠᠷᠴᠢᠮ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠨᠢ ᠬᠢᠷᠢ ᠬᠡᠮ ᠤᠨ ᠬᠤᠪᠢᠶᠠᠷᠢᠯᠠᠯ ᠬᠢᠭᠡᠳ ᠨᠥᠬᠦᠴᠡᠯ᠂ ᠨᠡᠶᠢᠲᠡ 8 ᠵᠦᠢᠯ᠃ | ᠭᠤᠣᠯᠳᠠᠭᠤ ᠡᠯ᠎ᠡ ᠲᠥᠷᠥᠯ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠬᠢᠷᠢ ᠬᠡᠮ ᠢ ᠭᠤᠶᠤᠴᠢᠯᠠᠬᠤ | ᠠᠵᠤ ᠠᠬᠤᠶᠢᠯᠠᠯ ᠤᠨ ᠠᠵᠢᠯᠲᠠᠨ ᠂ ᠲᠣᠨᠤᠭ ᠲᠥᠬᠦᠭᠡᠷᠦᠮᠵᠢ᠂ ᠠᠵᠢᠯ ᠤᠨ ᠠᠮᠵᠢᠯᠲᠠ ᠵᠡᠷᠭᠡ ᠦᠨᠳᠦᠰᠦᠨ | ᠨᠥᠬᠦᠴᠡᠯ ᠤᠨ ᠱᠠᠭᠠᠷᠳᠠᠯᠭ᠎ᠠ ᠶᠢ ᠲᠣᠭᠲᠠᠭᠠᠪᠠ᠃ | ᠭᠤᠷᠪᠠᠳᠤᠭᠠᠷ ᠪᠦᠯᠦᠭ ᠨᠢ ᠬᠢᠷᠢ ᠬᠡᠮ ᠤᠨ ᠭᠤᠶᠤᠴᠢᠯᠠᠯ ᠪᠠ ᠵᠦᠪᠰᠢᠶᠡᠷᠡᠯ᠂ ᠨᠡᠶᠢᠲᠡ 6 ᠵᠦᠢᠯ᠃ | ᠭᠤᠤᠯᠳᠠᠭᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠲᠠᠰ ᠳᠠᠷᠠᠭᠠᠯᠠᠯ᠂ ᠭᠤᠶᠤᠴᠢᠯᠠᠬᠤ ᠮᠠᠲ᠋ᠧᠷᠢᠶᠠᠯ᠂ ᠢᠯᠡ ᠪᠣᠯᠭᠠᠬᠤ | ᠲᠦᠷᠢᠮ᠂ ᠵᠥᠪᠰᠢᠶᠡᠷᠡᠬᠦ ᠴᠠᠭ ᠤᠨ ᠬᠢᠵᠠᠭᠠᠷ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠵᠡᠷᠭᠡ ᠬᠠᠮᠢᠶ᠎ᠠ ᠪᠥᠬᠦᠶ | ᠱᠠᠭᠠᠷᠳᠠᠯᠭ᠎ᠠ ᠶᠢ ᠲᠣᠭᠲᠠᠭᠠᠪᠠ᠃ | ᠳᠥᠷᠪᠡᠳᠦᠭᠡᠷ ᠪᠦᠯᠦᠭ ᠨᠢ ᠦᠷᠭᠦᠯᠵᠢᠯᠡᠭᠦᠯᠬᠦ᠂ ᠲᠥᠷᠥᠯ ᠵᠦᠢᠯ ᠨᠡᠮᠡᠬᠦ ᠪᠠ ᠬᠤᠪᠢᠷᠠᠭᠤᠯᠬᠤ᠂ ᠨᠡᠶᠢᠲᠡ 3 | ᠵᠦᠢᠯ᠃ ᠭᠤᠤᠯᠳᠠᠭᠤ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ᠂ ᠲᠠᠰ ᠳᠡᠪᠰᠢᠭᠦᠯᠬᠦ᠂ ᠲᠥᠷᠥᠯ | ᠵᠦᠢᠯ ᠨᠡᠮᠡᠬᠦ᠂ ᠬᠤᠪᠢᠷᠠᠭᠤᠯᠬᠤ᠂ ᠨᠡᠶᠢᠯᠡᠭᠦᠯᠵᠦ ᠰᠠᠯᠭᠠᠬᠤ᠂ ᠭᠡᠭᠡᠭᠰᠡᠨ ᠢ ᠨᠥᠬᠦᠵᠦ ᠭᠦᠢᠴᠡᠳᠬᠡᠬᠦ ᠵᠡᠷᠭᠡ ᠬᠠᠮᠢᠶ᠎ᠠ | ᠪᠥᠬᠦᠶ ᠵᠦᠢᠯᠡᠰ ᠵᠢᠴᠢ ᠱᠠᠭᠠᠷᠳᠠᠯᠭ᠎ᠠ ᠶᠢ ᠲᠣᠭᠲᠠᠭᠠᠪᠠ᠃ | ᠲᠠᠪᠤᠳᠤᠭᠠᠷ ᠪᠦᠯᠦᠭ ᠨᠢ ᠬᠢᠨᠠᠯᠲᠠ ᠬᠠᠮᠢᠶᠠᠷᠤᠯᠲᠠ᠂ ᠨᠡᠶᠢᠲᠡ 5 ᠵᠦᠢᠯ᠃ ᠭᠤᠣᠯᠳᠠᠭᠤ ᠬᠢᠨᠠᠯᠲᠠ ᠲᠠᠯᠪᠢᠵᠤ | ᠪᠠᠶᠢᠴᠠᠭᠠᠬᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠭᠲᠠᠭᠠᠭᠰᠠᠨ ᠪᠥᠭᠡᠳ ᠬᠠᠤᠯᠢ ᠶᠢ | ᠵᠥᠷᠢᠴᠡᠭᠰᠡᠨ ᠪᠠᠶᠢᠳᠠᠯ ᠢ ᠰᠢᠢᠳᠪᠦᠷᠢᠯᠡᠬᠦ ᠪᠠ ᠢᠲᠡᠭᠡᠮᠵᠢ ᠶᠢᠨ ᠬᠠᠮᠢᠶᠠᠷᠤᠯᠲᠠ ᠵᠡᠷᠭᠡ ᠵᠦᠢᠯᠡᠰ ᠢ ᠲᠣᠳᠣᠷᠬᠠᠶᠢᠯᠠᠪᠠ᠃ | ᠵᠢᠷᠭᠤᠳᠤᠭᠠᠷ ᠪᠦᠯᠦᠭ ᠨᠢ ᠳᠠᠭᠠᠯᠳᠤᠭᠤᠯᠤᠯ ᠳᠦᠷᠢᠮ᠂ ᠨᠡᠶᠢᠲᠡ 1 ᠵᠦᠢᠯ᠃ ᠭᠤᠣᠯᠳᠠᠭᠤ ᠲᠠᠶᠢᠯᠪᠤᠷᠢᠯᠠᠬᠤ | ᠨᠢᠭᠡᠴᠢ ᠪᠣᠯᠤᠨ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠵᠦᠢᠯᠡᠰ ᠢ ᠲᠣᠭᠲᠠᠭᠠᠪᠠ᠃ |