ᠲᠡᠦᠬᠡ ᠶᠢᠨ ᠠᠳᠠᠯᠢ ᠬᠤᠭᠤᠴᠠᠭ᠎ᠠ ᠠᠴᠠ ᠳᠠᠪᠠᠪᠠ︕ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠨᠡᠶᠢᠲᠡ 3901.60 ᠲᠦᠮᠡᠨ ᠬᠥᠮᠦᠨ ᠤᠳᠠᠭ᠎ᠠ ᠳᠤ ᠬᠦᠷᠴᠡᠶ
ᠨᠡᠶᠢᠲᠡᠯᠡᠭᠰᠡᠨ ᠴᠠᠭ᠄
2024/10/9
    ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ( 10 ᠳ᠋ᠤᠭᠠᠷ ᠰᠠᠷ᠎ᠠ ᠶᠢᠨ 1᠎ ᠤ ᠡᠳᠦᠷ ᠠᠴᠠ 7᠎ ᠤ ᠡᠳᠦᠷ ᠪᠣᠯᠲᠠᠯ᠎ᠠ )᠂ ᠰᠦᠶᠳᠬᠡᠯ ᠬᠤᠷᠢᠶᠠᠬᠤ ᠵᠠᠰᠠᠮᠠᠯ ᠵᠠᠮ ᠳᠤ 7 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠎ ᠶᠢᠨ ᠠᠶᠠᠨᠴᠢᠳ ᠤᠨ ᠮᠠᠰᠢᠨ ᠲᠡᠷᠭᠡ ᠠᠴᠠ ᠨᠡᠪᠲᠡᠷᠡᠬᠦ ᠰᠦᠶᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ᠂ ᠡᠵᠡᠩᠨᠡᠯᠲᠡ ᠶᠢᠨ ᠴᠢᠨᠠᠷᠲᠠᠶ ᠠᠶᠠᠨᠴᠢᠳ ᠎ ᠤᠨ ᠲᠡᠭᠡᠭᠡᠪᠦᠷᠢ ᠶᠢᠨ ᠬᠡᠮᠵᠢᠶ᠎ᠡ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠣᠪᠤᠷᠠᠯ ᠤᠨ ᠶᠡᠷᠦᠩᠬᠡᠶ ᠬᠡᠮᠵᠢᠶ᠎ᠡ ᠨᠢ ᠦᠷᠭᠦᠯᠵᠢᠯᠡᠨ ᠥᠨᠳᠥᠷ ᠪᠠᠶᠢᠷᠢ ᠪᠠᠷ ᠠᠵᠢᠯᠯᠠᠵᠤ᠂ ᠶᠡᠷᠦᠩᠬᠡᠶ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃ ᠣᠷᠭᠢᠯ ᠬᠡᠮᠵᠢᠭᠳᠡᠯ ᠨᠢ ᠴᠥᠮ ᠤᠯᠤᠰ ᠤᠨ ᠪᠠᠶᠠᠷ ᠤᠨ ᠲᠤᠬᠠᠶ ᠶᠢᠨ ᠡᠳᠦᠷ ᠢᠯᠡᠷᠡᠵᠦ᠂ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 601.39 ᠲᠦᠮᠡᠨ ᠬᠥᠮᠦᠨ ᠤᠳᠠᠭ᠎ᠠ᠂ ᠡᠵᠡᠩᠨᠡᠯᠲᠡ ᠶᠢᠨ ᠴᠢᠨᠠᠷᠲᠠᠶ ᠠᠶᠠᠨᠴᠢᠳ ᠤᠨ ᠲᠡᠭᠡᠭᠡᠪᠦᠷᠢ 52.73 ᠲᠦᠮᠡᠨ ᠬᠥᠮᠦᠨ ᠤᠳᠠᠭ᠎ᠠ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠣᠪᠣᠷᠠᠯ ᠤᠨ ᠶᠡᠷᠦᠩᠬᠡᠶ ᠬᠡᠮᠵᠢᠶ᠎ᠡ 78.13 ᠲᠦᠮᠡᠨ ᠬᠥᠮᠦᠨ ᠤᠳᠠᠭ᠎ᠠ ᠳᠤ ᠬᠦᠷᠪᠡ᠃     ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ ᠨᠡᠶᠢᠲᠡ 3901.60 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 557.37 ᠲᠦᠮᠡᠨ ᠬᠥᠮᠦᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠎ ᠬᠢ ᠠᠴᠠ 0.37%᠎ ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 12.81%᠎ ᠪᠠᠷ ᠨᠡᠮᠡᠭᠳᠡᠪᠡ᠃      ᠪᠥᠬᠦ ᠣᠷᠣᠨ ᠳᠤ ᠨᠡᠶᠢᠲᠡ 296.01 ᠲᠦᠮᠡᠨ ᠬᠥᠮᠦᠨ ᠤᠳᠠᠭ᠎ᠠ ᠶᠢᠨ ᠠᠶᠠᠨᠴᠢᠳ ᠢ ᠬᠦᠷᠭᠡᠵᠦ᠂ ᠡᠳᠦᠷ ᠪᠦᠷᠢ ᠳᠤᠮᠳᠠᠴᠢ ᠪᠠᠷ 42.29 ᠲᠦᠮᠡᠨ ᠬᠥᠮᠦᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 2.37%᠎ ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ 6.17%᠎ ᠪᠠᠷ ᠪᠠᠭᠤᠷᠠᠪᠠ᠃ ᠡᠭᠦᠨ ᠳᠤ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 202.62 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 28.95 ᠲᠦᠮᠡᠨ ᠬᠥᠮᠦᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 4.78%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 8.41%᠎ ᠪᠠᠷ ᠳᠡᠭᠡᠭᠰᠢᠯᠡᠵᠡᠶ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 31.69 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 4.53 ᠲᠦᠮᠡᠨ ᠬᠥᠮᠦᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 30.89%᠎ ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭ᠎ᠠ ᠶᠢᠨ 45.79% ᠪᠣᠯᠲᠠᠯ᠎ᠠ ᠰᠡᠷᠭᠦᠪᠡ᠃ ᠠᠷᠠᠳ ᠤᠨ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 61.70 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 8.81 ᠲᠦᠮᠡᠨ ᠬᠥᠮᠦᠨ ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 3.53%᠎ ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ 3.94%᠎ ᠪᠠᠷ ᠳᠡᠭᠡᠭᠰᠢᠯᠡᠪᠡ᠃      ᠪᠥᠬᠦ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠤᠪᠤᠷᠠᠯ ᠤᠨ ᠶᠡᠷᠦᠩᠬᠡᠶ ᠬᠡᠮᠵᠢᠶ᠎ᠡ ᠨᠡᠶᠢᠲᠡ 498.58 ᠲᠦᠮᠡ ᠳᠤ ᠬᠦᠷᠴᠦ᠂ ᠡᠳᠦᠷ  ᠪᠦᠷᠢ ᠳᠤᠮᠳᠠᠴᠢ ᠪᠠᠷ 71.22 ᠲᠦᠮᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 8.06%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 16.26%᠎ ᠪᠠᠷ ᠳᠡᠭᠡᠭᠰᠢᠯᠡᠪᠡ᠃ ᠠᠶᠠᠨᠴᠢᠳ ᠤᠨ ᠮᠠᠰᠢᠨ ᠲᠡᠷᠭᠡᠨ ᠤ ᠴᠤᠪᠤᠷᠠᠯ ᠨᠡᠶᠢᠲᠡ 417.58 ᠲᠦᠮᠡ ᠪᠠᠶᠢᠵᠤ᠂ ᠡᠳᠦᠷ ᠪᠦᠷᠢ ᠳᠤᠮᠳᠠᠴᠢ ᠪᠠᠷ 59.65 ᠲᠦᠮᠡ ᠳᠤ ᠬᠦᠷᠴᠦ᠂ ᠮᠠᠰᠢᠨ ᠲᠡᠷᠭᠡᠨ ᠤ ᠴᠤᠪᠤᠷᠠᠯ ᠤᠨ ᠶᠡᠷᠦᠩᠬᠡᠶ ᠬᠡᠮᠵᠢᠶ᠎ᠡ ᠶᠢᠨ 83.75%᠎ ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 7.15%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 15.32%᠎ ᠢᠶᠠᠷ ᠳᠡᠭᠡᠭᠰᠢᠯᠡᠵᠡᠶ᠃ ᠥᠪᠡᠷ ᠢᠶᠠᠨ ᠲᠡᠷᠭᠡ ᠵᠢᠯᠣᠭᠤᠳᠤᠨ ᠭᠠᠳᠠᠭᠰᠢ ᠶᠠᠪᠤᠬᠤ ᠨᠢ ᠬᠠᠷᠢᠴᠠᠯᠠᠰᠢ ᠥᠬᠡᠶ ᠭᠤᠤᠯ ᠬᠦᠴᠦᠨ ᠢ ᠡᠵᠡᠯᠡᠵᠦ᠂ ᠡᠭᠦᠨ ᠳᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠡᠵᠡᠩᠨᠡᠯᠲᠡ ᠎ ᠶᠢᠨ ᠪᠤᠰᠤ ᠵᠢᠵᠢᠭ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠨᠡᠶᠢᠲᠡ 413.99 ᠲᠦᠮᠡ ᠪᠠᠶᠢᠵᠤ᠂ ᠡᠳᠦᠷ ᠪᠦᠷᠢ ᠳᠤᠮᠳᠠᠴᠢ ᠪᠠᠷ 59.14 ᠲᠦᠮᠡ ᠳᠤ ᠬᠦᠷᠴᠦ᠂ 99.14%᠎ ᠶᠢ ᠡᠵᠡᠯᠡᠵᠦ᠂ 7 ᠰᠠᠭᠤᠳᠠᠯ ᠠᠴᠠ ᠳᠡᠭᠡᠭᠰᠢᠬᠢ ᠮᠠᠰᠢᠨ ᠲᠡᠷᠭᠡᠨ ᠤ ᠴᠤᠪᠤᠷᠠᠯ ᠤᠨ ᠬᠡᠮᠵᠢᠶ᠎ᠡ ᠨᠡᠶᠢᠲᠡ 3.59 ᠲᠦᠮᠡ ᠪᠠᠶᠢᠵᠤ᠂ ᠡᠳᠦᠷ ᠪᠦᠷᠢ ᠳᠤᠮᠳᠠᠴᠢ ᠪᠠᠷ 0.51 ᠲᠦᠮᠡ ᠳᠤ ᠬᠦᠷᠪᠡ᠃ ᠠᠴᠢᠶᠠᠨ ᠤ ᠮᠠᠰᠢᠨ ᠲᠡᠷᠭᠡ ᠨᠡᠶᠢᠲᠡ 81.00 ᠲᠦᠮᠡ ᠪᠠᠶᠢᠵᠤ᠂ ᠡᠳᠦᠷ ᠳᠤᠮᠳᠠᠴᠢ ᠪᠠᠷ 11.57 ᠲᠦᠮᠡ ᠳᠤ ᠬᠦᠷᠴᠦ᠂ ᠮᠠᠰᠢᠨ ᠲᠡᠷᠭᠡᠨ ᠤ ᠴᠤᠪᠤᠷᠠᠯ ᠤᠨ ᠶᠡᠷᠦᠩᠬᠡᠶ ᠬᠡᠮᠵᠢᠶ᠎ᠡ ᠶᠢᠨ 16.25%᠎ ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 12.99%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 21.35%᠎ ᠪᠠᠷ ᠳᠡᠭᠡᠭᠰᠢᠯᠡᠵᠡᠶ︔ ᠦᠪᠦᠷ ᠮᠣᠩᠭᠤᠯ ᠤᠨ ᠫᠠᠶᠢᠰᠠ ᠲᠠᠢ ᠠᠴᠢᠶᠠᠨ ᠤ ᠮᠠᠰᠢᠨ ᠲᠡᠷᠭᠡ ᠨᠡᠶᠢᠲᠡ 34.06 ᠲᠦᠮᠡ ᠪᠠᠶᠢᠵᠤ᠂ ᠡᠳᠦᠷ ᠪᠦᠷᠢ ᠳᠤᠮᠳᠠᠴᠢ ᠪᠠᠷ 4.86 ᠲᠦᠮᠡ ᠳᠤ ᠬᠦᠷᠴᠦ᠂ 42.05%᠎ ᠶᠢ ᠡᠵᠡᠯᠡᠨ᠎ᠡ︔ ᠠᠴᠢᠶ᠎ᠠ ᠦᠭᠡᠢ ᠪᠠᠷᠠᠭᠠᠨ ᠤ ᠮᠠᠰᠢᠨ ᠲᠡᠷᠭᠡ ᠨᠡᠶᠢᠲᠡ 29.74 ᠲᠦᠮᠡ ᠪᠠᠶᠢᠵᠤ᠂ ᠡᠳᠦᠷ ᠪᠦᠷᠢ ᠳᠤᠮᠳᠠᠴᠢ ᠪᠠᠷ 4.24 ᠲᠦᠮᠡ ᠳᠤ ᠬᠦᠷᠴᠦ᠂ 36.72%᠎ ᠢ ᠡᠵᠡᠯᠡᠵᠦ ᠪᠠᠶᠢᠨ᠎ᠠ᠃      ᠪ᠊‍ᠥ᠋ᠬᠦ ᠣᠷᠣᠨ ᠤ 9 ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ︵ᠣᠷᠳᠣᠰ ᠬᠤᠲᠠ 2᠂ ᠤᠯᠠᠭᠠᠨᠬᠠᠳᠠ ᠬᠤᠲᠠ 3᠂ ᠬᠥᠬᠡᠬᠤᠲᠠ 2᠂ ᠪᠤᠭᠤᠲᠤ ᠬᠤᠲᠠ 2︶᠎ ᠶᠢᠨ ᠭᠠᠷᠴᠠ ᠶᠢᠨ ᠴᠤᠪᠤᠷᠠᠯ ᠎ ᠨᠢ ᠡᠳᠦᠷ ᠪᠦᠷᠢ ᠳᠤᠮᠳᠠᠴᠢ ᠪᠠᠷ ᠲᠦᠮᠡ ᠶᠢ ᠳᠠᠪᠠᠪᠠ᠃ ᠡᠭᠦᠨ ᠳᠤ᠂ ᠭᠤᠸᠠᠨ ᠨᠢᠶᠠᠨ  ᠹᠠᠩ ᠭᠤᠤᠯ ᠱᠤᠭᠤᠮ ᠎ ᠤᠨ ᠰᠦᠶᠳᠬᠡᠯ ᠬᠤᠷᠢᠶᠠᠬᠤ ᠥᠷᠲᠡᠭᠡ ᠡᠳᠦᠷ ᠪᠦᠷᠢ ᠳᠤᠮᠳᠠᠴᠢ ᠪᠠᠷ ᠪᠠᠷᠤᠭ 1.9 ᠲᠦᠮᠡ ᠲᠡᠷᠭᠡ ᠪᠠᠶᠢᠵᠤ᠂ ᠬᠥᠬᠡᠬᠤᠲᠠ ᠶᠢᠨ ᠰᠦᠶᠳᠬᠡᠯ ᠬᠤᠷᠢᠶᠠᠬᠤ ᠥᠷᠲᠡᠭᠡ᠂ ᠤᠯᠠᠭᠠᠨᠬᠠᠳᠠ ᠶᠢᠨ ᠡᠮᠦᠨ᠎ᠡ ᠰᠦᠶᠳᠬᠡᠯ ᠬᠤᠷᠢᠶᠠᠬᠤ ᠥᠷᠲᠡᠭᠡ ᠡᠳᠦᠷ ᠪᠦᠷᠢ ᠳᠤᠮᠳᠠᠴᠢ ᠪᠠᠷ ᠪᠠᠷᠤᠭ 1.5 ᠲᠦᠮᠡ ᠲᠡᠷᠭᠡ ᠪᠠᠶᠢᠨ᠎ᠠ᠃     ᠡᠩ ᠤᠨ ᠤᠯᠤᠰ ᠮᠤᠵᠢ ᠶᠢᠨ ᠵᠠᠮ ᠤᠨ ᠡᠳᠦᠷ ᠳᠤᠮᠳᠠᠴᠢ ᠶᠢᠨ ᠣᠭᠲᠣᠯᠤᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ 5688 ᠲᠡᠷᠭᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 2.00%᠎ ᠢᠶᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 11.66%᠎ ᠪᠠᠷ ᠳᠡᠭᠡᠭᠰᠢᠯᠡᠵᠡᠶ᠃ ᠡᠭᠦᠨ ᠎ ᠳᠤ᠂ ᠠᠶᠠᠨᠴᠢᠨ ᠤ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠡᠮᠵᠢᠶ᠎ᠡ 3740᠂ ᠠᠴᠢᠶᠠᠨ ᠤ ᠮᠠᠰᠢᠨ ᠲᠡᠷᠭᠡᠨ ᠤ ᠵᠠᠮ ᠬᠠᠷᠢᠯᠴᠠᠭᠠᠨ ᠤ ᠬᠡᠮᠵᠢᠶ᠎ᠡ 1948 ᠪᠠᠶᠢᠨ᠎ᠠ᠃ ᠰᠢᠬᠠᠯᠴᠠᠴᠠ ᠨᠡᠯᠢᠶᠡᠳ ᠥᠨᠳᠥᠷ ᠵᠠᠮ᠎ ᠨᠢ ᠭᠤᠤᠯᠳᠠᠭᠤ ᠤᠯᠤᠰ ᠤᠨ ᠵᠠᠮ ᠤᠨ 210 ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠵᠠᠮ ᠤᠨ ᠬᠡᠰᠡᠭ᠂ ᠮᠤᠵᠢ ᠶᠢᠨ ᠵᠠᠮ ᠤᠨ 217 ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠵᠠᠮ ᠤᠨ ᠬᠡᠰᠡᠭ ᠲᠤ ᠲᠥᠪᠯᠡᠷᠡᠵᠦ ᠪᠠᠶᠢᠨ᠎ᠠ᠃     ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠨᠢᠭᠡ ᠳᠤ᠂ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠲᠢᠩᠬᠢᠮ ᠤᠨ ᠲᠠᠰ ᠤᠨ ᠤᠳᠤᠷᠢᠳᠤᠯᠭ᠎ᠠ ᠎ ᠠᠴᠠ ᠠᠩᠭᠢ ᠳᠠᠭᠠᠭᠤᠯᠤᠭᠰᠠᠨ 5 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠶᠠᠮᠤᠨ ᠤ ᠭᠤᠴᠢᠨ ᠵᠦᠶᠯ ᠤᠨ ᠬᠠᠲᠠᠭᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ᠳᠥᠷᠪᠡ ᠥᠬᠡᠶ ᠬᠤᠶᠠᠷ ᠰᠢᠭᠤᠳ︾ ᠠᠶᠦᠯᠭᠦᠢ ᠦᠶᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ᠂ ᠪᠥᠬᠦ ᠣᠷᠣᠨ ᠳᠤ ᠠᠶᠦᠯᠭᠦᠢ ᠦᠶᠯᠡᠳᠪᠦᠷᠢᠯᠡᠯ ᠤᠨ ᠪᠠᠶᠢᠴᠠᠭᠠᠯᠲᠠ ᠶᠢ ᠨᠡᠶᠢᠲᠡ 13700 ᠬᠥᠮᠦᠨ ᠤᠳᠠᠭ᠎ᠠ ᠥᠷᠨᠢᠭᠦᠯᠦᠨ᠂ 2472 ᠠᠵᠤ ᠠᠬᠤᠶᠢᠯᠠᠯ ᠢ ᠪᠠᠶᠢᠴᠠᠭᠠᠵᠤ᠂ 692 ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 598 ᠵᠦᠶᠯ ᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ ᠬᠤᠶᠠᠷ ᠲᠤ᠂ ᠵᠠᠮ ᠤᠨ ᠲᠣᠤᠷ ᠤᠨ ᠠᠵᠢᠯᠯᠠᠭᠠᠨ ᠢ ᠬᠢᠨᠠᠨ ᠬᠡᠮᠵᠢᠬᠦ ᠶᠢ ᠴᠢᠩᠭᠠᠳᠬᠠᠵᠤ᠂ ᠲᠦᠭᠵᠢᠷᠡᠯ ᠡᠭᠦᠰᠪᠡᠯ ᠵᠠᠮ ᠬᠠᠷᠢᠯᠴᠠᠭᠠᠨ ᠤ ᠰᠠᠯᠠᠭ᠎ᠠ ᠮᠥᠴᠢᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠬᠤᠯᠪᠣᠭᠠᠯᠠᠨ ᠬᠠᠮᠵᠢᠯᠴᠠᠵᠤ᠂ ᠬᠤᠯᠠ ᠠᠴᠠ ᠰᠠᠯᠭᠠᠨ ᠶᠠᠪᠤᠭᠤᠯᠬᠤ᠂ ᠣᠶᠢᠷ᠎ᠠ ᠠᠴᠠ ᠬᠠᠮᠢᠶᠠᠷᠤᠨ ᠡᠵᠡᠮᠳᠡᠬᠦ ᠠᠷᠭ᠎ᠠ ᠬᠡᠯᠪᠡᠷᠢ ᠶᠢ ᠠᠪᠴᠤ᠂ ᠠᠯᠢ ᠲᠦᠷᠭᠡᠨ ᠢᠶᠠᠷ ᠵᠠᠮ ᠵᠠᠯᠠᠬᠤ᠂ ᠬᠥᠲᠥᠯᠥᠨ ᠵᠢᠯᠣᠭᠤᠳᠬᠤ ᠪᠠ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠵᠠᠮ ᠤᠨ ᠭᠠᠳᠠᠷᠭᠤ ᠶᠢ ᠦᠳᠲᠡᠷ ᠲᠦᠷᠭᠡᠨ ᠴᠡᠪᠡᠷᠯᠡᠵᠦ᠂ ᠵᠠᠮ ᠤᠨ ᠲᠦᠷᠭᠡᠨ ᠰᠡᠷᠭᠦᠬᠦ ᠶᠢ ᠬᠦᠴᠦᠲᠡᠶ ᠪᠠᠲᠤᠯᠠᠪᠠ᠃ ᠭᠤᠷᠪᠠ ᠳᠤ᠂ ᠠᠮᠠᠷᠠᠯᠲᠠ ᠶᠢᠨ ᠡᠳᠦᠷ ᠤᠨ ᠵᠠᠮ ᠬᠠᠷᠢᠯᠴᠠᠭᠠᠨ ᠤ ᠴᠤᠪᠤᠷᠠᠯ ᠤᠨ ᠬᠤᠪᠢᠷᠠᠯᠲᠠ ᠶᠢᠨ ᠣᠨᠴᠠᠯᠢᠭ ᠢ ᠤᠷᠢᠳᠴᠢᠯᠠᠨ ᠰᠤᠳᠤᠯᠤᠨ ᠮᠠᠭᠠᠳᠯᠠᠵᠤ᠂ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠠᠷᠢᠯᠢᠭ ᠣᠨᠣᠴᠠᠲᠠᠶ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠬᠦ᠂ ᠡᠭᠡᠯᠵᠢ ᠤᠳᠠᠭ᠎ᠠ ᠶᠢ ᠨᠡᠮᠡᠭᠳᠡᠭᠦᠯᠬᠦ᠂ ᠦᠶᠯᠡᠴᠢᠯᠡᠬᠦ ᠴᠠᠭ ᠢ ᠤᠷᠲᠤᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠡᠭᠡᠪᠦᠷᠢ ᠶᠢ ᠲᠠᠰᠤᠯᠳᠠᠭᠤᠯᠬᠤ ᠥᠬᠡᠶ᠂ ᠦᠶᠯᠡᠴᠢᠯᠡᠭᠡ ᠶᠢ ᠵᠣᠭᠰᠣᠭᠠᠬᠤ ᠥᠬᠡᠶ ᠪᠠᠶᠢᠬᠤ ᠶᠢ ᠪᠡᠶᠡᠯᠡᠭᠦᠯᠪᠡ᠃ ᠳᠥᠷᠪᠡ ᠳᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ ᠠᠮᠤᠷ ᠲᠦᠪᠰᠢᠨ ᠪᠠ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠠᠬᠢᠯᠭᠠᠨ ᠴᠡᠨᠡᠭᠯᠡᠬᠦ ᠠᠵᠢᠯ ᠶᠠᠭᠠᠷᠠᠤ ᠦᠶᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠲᠦᠭᠦᠭᠡᠷᠦᠮᠵᠢ᠂ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢᠨ ᠠᠵᠢᠯᠯᠠᠭᠤᠯᠵᠤ ᠬᠠᠮᠠᠭᠠᠯᠠᠬᠤ ᠵᠢᠴᠢ ᠲᠣᠭᠤᠷᠢᠨ ᠪᠠᠶᠢᠴᠠᠭᠠᠬᠤ ᠳᠤ ᠨᠡᠶᠢᠲᠡ 1825 ᠬᠥᠮᠦᠨ ᠢ ᠤᠷᠢᠳᠴᠢᠯᠠᠨ ᠨᠡᠮᠡᠵᠦ ᠳᠣᠭᠢᠷᠠᠭᠤᠯᠤᠨ᠂ ᠴᠠᠬᠢᠯᠭᠠᠨ ᠴᠡᠨᠡᠭᠯᠡᠬᠦ ᠦᠶᠯᠡᠴᠢᠯᠡᠭᠡ ᠶᠢ ᠪᠠᠲᠤᠯᠠᠪᠠ᠃ ᠲᠠᠪᠤ ᠳᠤ᠂ ᠵᠢᠵᠢᠭᠦᠷᠯᠡᠨ ᠰᠠᠬᠢᠬᠤ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠎ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠵᠢᠯ ᠤᠨ ᠪᠠᠶᠢᠷᠢ ᠳᠤ ᠡᠭᠡᠯᠵᠢᠯᠡᠨ ᠵᠢᠵᠢᠭᠦᠷᠯᠡᠪᠡ︔ 12328 ᠬᠠᠯᠠᠮᠰᠢᠯ ᠤᠲᠠᠰᠤᠨ ᠤ ᠠᠵᠢᠯᠲᠠᠳ ᠪᠦᠭᠦᠳᠡᠭᠡᠷ ᠢᠶᠠᠨ ᠠᠵᠢᠯ ᠤᠨ ᠪᠠᠶᠢᠷᠢ ᠳᠤ ᠪᠠᠨ ᠪᠠᠶᠢᠵᠤ᠂ ︽7 × 24 ᠴᠠᠭ︾᠎ ᠤᠨ ᠪᠦᠬᠦᠯᠢ ᠡᠳᠦᠷ ᠤᠨ ᠦᠶᠯᠡᠴᠢᠯᠡᠭᠡ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号