︽ᠬᠤᠶᠠᠷ ᠡᠷᠡᠭᠦᠯ︾ ᠳᠤ ᠦᠢᠯᠡᠴᠢᠯᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/10/9
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠬᠦᠴᠦᠯᠡᠨ ᠠᠬᠢᠭᠤᠯᠵᠤ᠂ 14 ᠵᠢᠯ ᠳᠠᠷᠠᠭᠠᠯᠠᠨ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 ᠬᠦᠴᠦᠷᠬᠡᠭ ᠤᠨ ᠰᠢᠷᠢᠰ ᠨᠡᠷᠡᠰ ᠤᠨ ᠵᠢᠭᠰᠠᠭᠠᠯᠲᠠ ᠪᠣᠯᠤᠨ ᠪᠠᠶᠢᠴᠠᠭᠠᠨ ᠰᠤᠳᠤᠯᠤᠯᠲᠠ ᠶᠢᠨ ᠵᠠᠳᠠᠯᠤᠯᠲᠠ ᠶᠢᠨ ᠮᠡᠳᠡᠭᠦᠯᠦᠯᠲᠡ ᠶᠢ ᠨᠡᠶᠢᠲᠡᠯᠡᠵᠦ᠂ ᠨᠡᠩ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠪᠠ᠃    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ︽ᠬᠤᠶᠠᠷ ᠡᠷᠡᠭᠦᠯ︾ ᠢ ᠠᠬᠢᠭᠤᠯᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠪᠦᠬᠦ ᠲᠠᠯ᠎ᠠ ᠪᠠᠷ ᠬᠥᠭᠵᠢᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠥᠪᠥᠷ ᠮᠣᠩᠭᠤᠯ ᠤᠨ ᠠᠷᠠᠯᠵᠢᠶᠠᠴᠢᠳ ᠤᠨ ᠶᠠᠷᠢᠶᠠᠨ ᠤ ᠲᠠᠩᠬᠢᠮ︾ ᠪᠠ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢ 14 ᠬᠤᠭᠤᠴᠠᠭ᠎ᠠ ᠡᠷᠬᠢᠯᠡᠵᠦ᠂ ᠪᠣᠯᠪᠠᠰᠤᠷᠠᠯ ᠳᠤ ᠣᠷᠣᠯᠴᠠᠭᠰᠠᠳ ᠨᠡᠶᠢᠲᠡ 4 ᠲᠦᠮᠡ ᠭᠠᠷᠤᠶ ᠬᠥᠮᠦᠨ ᠤᠳᠠᠭ᠎ᠠ ᠳᠤ ᠬᠦᠷᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠶᠠᠪᠤᠴᠠ ᠪᠠᠷ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠯ᠎ᠡ ᠵᠦᠢᠯ ᠤᠨ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠤᠨ᠂ 96888 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠣᠩᠬᠤᠪᠴᠢ ᠭᠠᠷᠭᠠᠵᠤ᠂ 29 ᠬᠤᠳᠠᠯᠳᠤᠭᠠᠨ ᠤ ᠨᠡᠶᠢᠭᠡᠮᠯᠢᠭ ᠢ ᠵᠢᠯᠣᠭᠤᠳᠤᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠪᠠᠶᠢᠭᠤᠯᠤᠨ ᠲᠡᠭᠦᠯᠳᠡᠷᠵᠢᠭᠦᠯᠪᠡ᠃ ᠥᠨᠳᠥᠷ ᠪᠠᠶᠢᠷᠢᠨ ᠳᠤ ᠵᠠᠰᠠᠭ ᠠᠵᠤ ᠠᠬᠤᠶᠢᠯᠠᠯ ᠤᠨ ᠪᠠᠶᠢᠩᠭᠤᠵᠢᠭᠰᠠᠨ ᠨᠡᠪᠲᠡᠷᠡᠯᠴᠡᠭᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠨᠡᠶᠢᠭᠡᠮᠯᠢᠭ ᠲᠠᠢ ᠬᠠᠷᠢᠯᠴᠠᠵᠤ ᠰᠤᠷᠪᠤᠯᠵᠢᠯᠠᠬᠤ ᠠᠵᠢᠯ ᠤᠨ ᠳᠦᠷᠢᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠪᠦᠲᠦᠮᠵᠢᠲᠡᠶ ᠪᠠᠷ ᠰᠠᠭᠠᠳ ᠥᠬᠡᠶ ᠨᠡᠪᠲᠡᠷᠡᠭᠦᠯᠵᠦ᠂ 96888 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠬᠢᠭᠡᠳ 12345 ᠬᠠᠯᠠᠮᠰᠢᠯ ᠤᠲᠠᠰᠤ ᠨᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠵᠦ᠂ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠣᠷᠣᠨ ᠳᠤ ᠵᠠᠷᠯᠠᠨ ᠮᠡᠳᠡᠭᠳᠡᠭᠰᠡᠨ ᠪᠥᠭᠡᠳ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠪᠠ ᠣᠷᠣᠨ ᠨᠤᠲᠤᠭ ᠤᠨ ᠨᠠᠮ ᠵᠠᠰᠠᠭ ᠤᠨ ᠪᠠᠭ ᠤᠨ ᠬᠢᠨᠠᠨ ᠰᠢᠯᠭᠠᠯᠲᠠ ᠳᠤ ᠣᠷᠣᠭᠤᠯᠤᠭᠰᠠᠨ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠦᠢᠯᠡᠴᠢᠯᠡᠭᠡᠨ ᠤ       ︽ᠬᠤᠶᠠᠷ ᠡᠷᠡᠭᠦᠯ︾ ᠤᠨ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠴᠣᠭᠴᠠᠯᠠᠬᠤ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠵᠤ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ        ︽ᠠᠵᠤ ᠠᠬᠤᠶᠢᠯᠠᠯᠲᠠᠨ ᠤ ᠮᠡᠳᠡᠷᠡᠮᠵᠢ ᠨᠡᠯᠢᠶᠡᠳ ᠥᠨᠳᠥᠷ ᠮᠤᠵᠢ ᠶᠢᠨ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︾᠂ ︽ᠠᠵᠢᠯ ᠨᠡᠯᠢᠶᠡᠳ ᠶᠡᠭᠡ ᠲᠠᠪᠰᠢᠯᠳᠠ ᠲᠠᠢ ᠮᠤᠵᠢ ᠶᠢᠨ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︾ ᠪᠠᠷ ᠵᠠᠷᠯᠠᠭᠳᠠᠪᠠ᠃   
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号