10 ᠰᠠᠷ᠎ᠠ ᠶᠢᠨ 28 ᠤ ᠡᠳᠦᠷ᠂ ᠠᠯᠠᠱᠠ ᠠᠶᠢᠮᠠᠭ ᠤᠨ 227 ᠮᠤᠵᠢ ᠶᠢᠨ ᠵᠠᠮ ᠤᠨ ᠰᠢᠨ᠎ᠡ ᠤᠰᠤ ᠠᠴᠠ | ᠬᠤᠩᠭᠤᠷ ᠢᠦᠢ ᠯᠢᠨ ᠬᠦᠷᠬᠦ ᠬᠡᠰᠡᠭ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠪᠠᠷᠤᠭᠰᠢᠨ | ᠵᠠᠮ ᠤᠨ ᠭᠠᠳᠠᠷᠭᠤ ᠶᠢᠨ ᠪᠠᠷᠢᠯᠭ᠎ᠠ ᠳᠠᠭᠤᠰᠴᠤ᠂ ᠲᠣᠰ ᠲᠥᠷᠥᠯ ᠵᠦᠢᠯ ᠤᠨ ᠭᠤᠤᠯ ᠴᠣᠭᠴᠠ ᠶᠢᠨ ᠪᠠᠷᠢᠯᠭ᠎ᠠ ᠪᠥᠬᠦ | ᠱᠤᠭᠤᠮ ᠢᠶᠠᠷ ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃ | | | | ᠲᠣᠰ ᠬᠡᠰᠡᠭ ᠤᠨ ᠵᠠᠰᠠᠮᠠᠯ ᠵᠠᠮ ᠨᠢ ᠵᠠᠮ ᠤᠨ ᠲᠡᠭᠡᠭᠡᠪᠦᠷᠢ ᠡᠵᠡᠩᠨᠡᠬᠦ ᠬᠤᠭᠤᠴᠠᠭ᠎ᠠ ᠨᠢ ᠨᠡᠯᠢᠶᠡᠳ ᠣᠷᠳᠣ᠂ | ᠵᠠᠮ ᠤᠨ ᠭᠠᠳᠠᠷᠭᠤ ᠶᠢᠨ ᠪᠠᠷᠤᠭᠰᠢᠨ ᠬᠠᠭᠤᠴᠢᠷᠠᠭᠰᠠᠨ ᠠᠴᠠ ᠪᠣᠯᠵᠤ᠂ ᠳᠠᠪᠬᠤᠴᠠᠭᠰᠠᠨ ᠳᠠᠭᠠᠭᠠᠴᠠ ᠶᠢᠨ ᠦᠢᠯᠡᠳᠦᠯ | ᠳᠣᠤᠷ᠎ᠠ᠂ ᠵᠠᠮ ᠤᠨ ᠭᠠᠳᠠᠷᠭᠤ ᠨᠢ ᠬᠥᠨᠳᠡᠯᠡᠨ ᠭᠤᠯᠳᠤ ᠠᠩ ᠴᠠᠪᠠ᠂ ᠲᠡᠷᠭᠡᠨ ᠮᠥᠷ᠂ ᠨᠦᠬᠡ ᠬᠤᠩᠭᠢᠯ ᠵᠡᠷᠭᠡ | ᠠᠳᠠᠯᠢ ᠪᠤᠰᠤ ᠬᠡᠮᠵᠢᠶᠡᠨ ᠤ ᠭᠡᠮ ᠤᠨ ᠬᠥᠨᠥᠭᠡᠯ ᠢᠯᠡᠷᠡᠵᠦ᠂ ᠵᠠᠮ ᠤᠨ ᠬᠡᠷᠡᠭᠯᠡᠭᠡᠨ ᠤ ᠴᠢᠨᠠᠷ ᠪᠠ ᠨᠡᠪᠲᠡᠷᠡᠬᠦ | ᠴᠢᠳᠠᠪᠤᠷᠢ ᠶᠢ ᠨᠥᠯᠥᠭᠡᠯᠡᠪᠡ᠃ | ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠲᠣᠰ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢ 2024 ᠣᠨ ᠤ ᠤᠯᠤᠰ | ᠮᠤᠵᠢ ᠶᠢᠨ ᠭᠤᠤᠯ ᠱᠤᠭᠤᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠳᠤ ᠣᠷᠣᠭᠤᠯᠪᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠨᠢ ᠪᠠᠷᠤᠭ 43.6 ᠺᠢᠯᠦᠮᠧᠲᠷ ᠪᠠᠶᠢᠵᠤ᠂ ᠭᠤᠷᠪᠠᠳᠤᠭᠠᠷ ᠳᠡᠰ ᠤᠨ ᠪᠠᠷᠤᠭᠰᠢᠨ | ᠪᠧᠲ᠋ᠣᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ | ᠲᠣᠰ ᠪᠠᠷᠢᠯᠭ᠎ᠠ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠠᠴᠠ ᠨᠠᠭᠠᠰᠢ᠂ ᠠᠯᠠᠱᠠ ᠵᠡᠭᠦᠨ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ᠢᠨᠵᠧᠨᠧᠷ ᠲᠣᠬᠠᠢ ᠶᠢᠨ ᠲᠠᠯᠠᠪᠠᠢ ᠳᠤ ᠰᠠᠭᠤᠬᠤ ᠠᠷᠭ᠎ᠠ ᠮᠠᠶ᠋ᠢᠭ ᠢᠶᠠᠷ ᠪᠠᠷᠢᠯᠭ᠎ᠠ ᠶᠢᠨ | ᠠᠬᠢᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ | ᠠᠮᠤᠷ ᠲᠦᠪᠰᠢᠨ ᠡᠮᠬᠢ ᠵᠢᠷᠤᠮ ᠲᠠᠢ ᠪᠠᠷᠢᠯᠭ᠎ᠠ ᠪᠠᠷᠢᠬᠤ ᠶᠢ ᠰᠢᠮᠳᠠᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ | ᠡᠭᠦᠷᠭᠡ ᠶᠢᠨ ᠤᠷᠤᠭᠰᠢᠲᠠᠶ ᠶᠠᠪᠤᠭᠳᠠᠬᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠦᠨᠡᠨ | ᠬᠦ ᠪᠠᠲᠤᠯᠠᠪᠠ᠃ ︵ᠵᠧᠩ ᠱᠤ᠋ ᠵᠢᠤᠸᠠᠨ︶ | |