10 ᠳ᠋ᠤᠭᠠᠷ ᠰᠠᠷ᠎ᠠ ᠶᠢᠨ 28 ᠤ ᠡᠳᠦᠷ᠂ ᠴᠢᠩ ᠱᠦᠶ ᠾᠧ ᠰᠢᠶᠠᠨ ᠤ ᠯᠣᠣ ᠨᠢᠤ ᠸᠠᠨ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠤᠷᠤᠭᠰᠢᠲᠠᠶ ᠥᠩᠭᠡᠷᠡᠭᠦᠯᠪᠡ᠃ | | ᠴᠢᠩ ᠱᠦᠶ ᠾᠧ ᠰᠢᠶᠠᠨ ᠤ ᠯᠣᠣ ᠨᠢᠦ ᠸᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ A1 | ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ᠎ᠠ᠂ ᠨᠢᠰᠦᠯᠲᠡ ᠶᠢᠨ ᠲᠣᠭᠤᠷᠢᠭ ᠤᠨ ᠳᠡᠰ ᠨᠢ 2B᠂ | ᠶᠡᠷᠦᠩᠬᠡᠶ ᠪᠠᠯᠠ ᠣᠷᠣᠭᠤᠯᠤᠯᠲᠠ ᠨᠢ 2.17 ᠳ᠋ᠦᠩᠰᠢᠭᠤᠷ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠳᠤ 1200 ᠮᠧᠲᠷ ᠤᠨ ᠭᠦᠶᠦᠯᠲᠡ ᠶᠢᠨ ᠵᠠᠮ᠂ ᠰᠢᠨ᠎ᠡ ᠪᠠᠷ ᠪᠠᠶᠢᠭᠤᠯᠤᠭᠰᠠᠨ ᠨᠢᠰᠬᠡᠯ ᠤᠨ ᠲᠠᠪᠴᠠᠩ | ᠵᠢᠴᠢ ᠬᠤᠯᠪᠤᠭᠠᠨ ᠤ ᠵᠠᠮ ᠵᠡᠷᠭᠡ ᠶᠢ ᠪᠠᠭᠲᠠᠭᠠᠵᠤ᠂ ᠠᠶᠠᠯᠠᠯ ᠢ ᠲᠤᠰᠠᠯᠠᠬᠤ ᠳ᠋ᠧᠩ ᠤᠨ ᠭᠡᠷᠡᠯ᠂ ᠠᠭᠠᠷ ᠤᠨ | ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ | ᠭᠤᠣᠯᠳᠠᠭᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ ᠪᠠ ᠨᠢᠰᠦᠯᠲᠡ ᠶᠢᠨ | ᠪᠣᠯᠪᠠᠰᠤᠷᠠᠯ ᠥᠷᠨᠢᠭᠦᠯᠬᠦ ᠳᠤ ᠬᠡᠷᠡᠭᠯᠡᠬᠦ ᠶᠢᠨ ᠬᠠᠮᠲᠤ᠂ ᠠᠭᠠᠷ ᠤᠨ ᠠᠶᠠᠯᠠᠯ ᠤᠨ ᠵᠢᠭᠤᠯᠴᠢᠯᠠᠯ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠭᠠᠷ ᠤᠨ ᠠᠶᠠᠯᠠᠯ ᠨᠡᠪᠲᠡᠷᠡᠬᠦ ᠲᠤᠬᠠᠶᠢᠯᠠᠭᠰᠠᠨ ᠠᠵᠢᠯ ᠢ ᠬᠠᠮᠲᠤ ᠳᠤ ᠨᠢ | ᠬᠠᠷᠠᠭᠠᠯᠵᠠᠨ᠎ᠠ᠃ | ᠲᠤᠰ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠤᠭᠰᠠᠨ ᠨᠢ ᠬᠥᠬᠡᠬᠤᠲᠠ ᠶᠢᠨ | ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ᠂ | ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ |