︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠪᠠᠰᠠ ᠨᠢᠭᠡᠨ ᠰᠢᠨ᠎ᠡ ᠨᠢᠰᠬᠡᠯ ᠤᠨ ᠪᠠᠭᠤᠳᠠᠯ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠥᠩᠭᠡᠷᠡᠭᠦᠯᠪᠡ
ᠨᠡᠶᠢᠲᠡᠯᠡᠭᠰᠡᠨ ᠴᠠᠭ᠄
2024/11/1
    10 ᠳ᠋ᠤᠭᠠᠷ ᠰᠠᠷ᠎ᠠ ᠶᠢᠨ 28 ᠤ ᠡᠳᠦᠷ᠂ ᠴᠢᠩ ᠱᠦᠶ ᠾᠧ ᠰᠢᠶᠠᠨ ᠤ ᠯᠣᠣ ᠨᠢᠤ ᠸᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠤᠷᠤᠭᠰᠢᠲᠠᠶ ᠥᠩᠭᠡᠷᠡᠭᠦᠯᠪᠡ᠃    ᠴᠢᠩ ᠱᠦᠶ ᠾᠧ ᠰᠢᠶᠠᠨ ᠤ ᠯᠣᠣ ᠨᠢᠦ ᠸᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ A1 ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ᠎ᠠ᠂ ᠨᠢᠰᠦᠯᠲᠡ ᠶᠢᠨ ᠲᠣᠭᠤᠷᠢᠭ ᠤᠨ ᠳᠡᠰ ᠨᠢ 2B᠂ ᠶᠡᠷᠦᠩᠬᠡᠶ ᠪᠠᠯᠠ ᠣᠷᠣᠭᠤᠯᠤᠯᠲᠠ ᠨᠢ 2.17 ᠳ᠋ᠦᠩᠰᠢᠭᠤᠷ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ 1200 ᠮᠧᠲᠷ ᠤᠨ ᠭᠦᠶᠦᠯᠲᠡ ᠶᠢᠨ ᠵᠠᠮ᠂ ᠰᠢᠨ᠎ᠡ ᠪᠠᠷ ᠪᠠᠶᠢᠭᠤᠯᠤᠭᠰᠠᠨ ᠨᠢᠰᠬᠡᠯ ᠤᠨ ᠲᠠᠪᠴᠠᠩ ᠵᠢᠴᠢ ᠬᠤᠯᠪᠤᠭᠠᠨ ᠤ ᠵᠠᠮ ᠵᠡᠷᠭᠡ ᠶᠢ ᠪᠠᠭᠲᠠᠭᠠᠵᠤ᠂ ᠠᠶᠠᠯᠠᠯ ᠢ ᠲᠤᠰᠠᠯᠠᠬᠤ ᠳ᠋ᠧᠩ ᠤᠨ ᠭᠡᠷᠡᠯ᠂ ᠠᠭᠠᠷ ᠤᠨ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ ᠭᠤᠣᠯᠳᠠᠭᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ ᠪᠠ ᠨᠢᠰᠦᠯᠲᠡ ᠶᠢᠨ ᠪᠣᠯᠪᠠᠰᠤᠷᠠᠯ ᠥᠷᠨᠢᠭᠦᠯᠬᠦ ᠳᠤ ᠬᠡᠷᠡᠭᠯᠡᠬᠦ ᠶᠢᠨ ᠬᠠᠮᠲᠤ᠂ ᠠᠭᠠᠷ ᠤᠨ ᠠᠶᠠᠯᠠᠯ ᠤᠨ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠭᠠᠷ ᠤᠨ ᠠᠶᠠᠯᠠᠯ ᠨᠡᠪᠲᠡᠷᠡᠬᠦ ᠲᠤᠬᠠᠶᠢᠯᠠᠭᠰᠠᠨ ᠠᠵᠢᠯ ᠢ ᠬᠠᠮᠲᠤ ᠳᠤ ᠨᠢ ᠬᠠᠷᠠᠭᠠᠯᠵᠠᠨ᠎ᠠ᠃    ᠲᠤᠰ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠤᠭᠰᠠᠨ ᠨᠢ ᠬᠥᠬᠡᠬᠤᠲᠠ ᠶᠢᠨ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ᠂ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号