ᠬᠢᠩᠭᠠᠨ ᠠᠶᠢᠮᠠᠭ ᠤᠨ ᠲᠡᠭᠡᠭᠡᠪᠦᠷᠢ ᠴᠠᠭᠳᠠᠭ᠎ᠠ ᠬᠠᠮᠲᠤᠷᠠᠨ ᠬᠠᠤᠯᠢ ᠪᠤᠰᠤ ᠰᠦᠯᠵᠢᠶ᠎ᠡ ᠪᠠᠷ ᠪᠣᠯᠵᠣᠬᠤ ᠲᠡᠷᠭᠡ ᠳᠤ ᠴᠢᠩᠭ᠎ᠠ ᠴᠣᠬᠢᠯᠲᠠ ᠦᠭᠭᠦᠨ᠎ᠡ
ᠨᠡᠶᠢᠲᠡᠯᠡᠭᠰᠡᠨ ᠴᠠᠭ᠄
2024/11/12
    11 ᠳ᠋ᠦ᠋ᠭᠡᠷ` ᠰᠠᠷ᠎ᠠ ᠶᠢᠨ 1᠎ ᠤ ᠡᠳᠦᠷ᠂ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠯᠠᠭᠠᠨᠬᠤᠲᠠ ᠶᠢᠨ ᠰᠢᠭᠤᠳ ᠬᠠᠷᠢᠶ᠎ᠠ ᠬᠠᠤᠯᠢ ᠬᠡᠷᠡᠭᠵᠢᠭᠦᠯᠬᠦ ᠶᠡᠭᠡ ᠠᠩᠭᠢ ᠬᠢᠭᠡᠳ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠬᠠᠮᠲᠤᠷᠠᠨ ᠬᠠᠤᠯᠢ ᠪᠤᠰᠤ ᠰᠦᠯᠵᠢᠶ᠎ᠡ ᠪᠠᠷ ᠪᠣᠯᠵᠣᠬᠤ ᠲᠡᠷᠭᠡ ᠳᠤ ᠲᠣᠤᠷᠯᠢᠭ ᠪᠠᠶᠢᠴᠠᠭᠠᠯᠲᠠ ᠬᠢᠪᠠ᠃    ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ᠂ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠶᠢᠯᠠᠩ ᠨᠢ ᠭᠤᠤᠯᠳᠠᠭᠤ ᠡᠵᠡᠩᠨᠡᠯᠲᠡ ᠶᠢᠨ ᠵᠥᠪᠰᠢᠶᠡᠷᠡᠯ ᠣᠯᠤᠭᠰᠠᠨ ᠥᠬᠡᠶ ᠪᠠᠷ ᠵᠠᠮ ᠲᠡᠭᠡᠭᠡᠪᠦᠷᠢ ᠶᠢᠨ ᠦᠨᠡᠮᠯᠡᠯ ᠥᠬᠡᠶ ᠪᠠᠷ ᠡᠵᠡᠩᠨᠡᠬᠦ ᠬᠠᠤᠯᠢ ᠪᠤᠰᠤ ᠰᠦᠯᠵᠢᠶ᠎ᠡ ᠪᠠᠷ ᠪᠣᠯᠵᠣᠬᠤ ᠲᠡᠷᠭᠡ ᠪᠠ ︽ᠬᠠᠷ᠎ᠠ ᠲᠡᠷᠭᠡ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ᠃    ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ︽ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ︾ ᠵᠠᠷᠴᠢᠮ ᠢ ᠪᠠᠷᠢᠮᠲᠠᠯᠠᠵᠤ᠂ ᠤᠯᠠᠭᠠᠨᠬᠤᠲᠠ ᠣᠷᠣᠨ ᠳᠤ ᠬᠠᠤᠯᠢ ᠪᠤᠰᠤ ᠪᠠᠷ ᠡᠵᠡᠩᠨᠡᠬᠦ ᠳᠤ ᠴᠢᠩᠭ᠎ᠠ ᠳᠠᠷᠤᠯᠲᠠ ᠥᠭᠬᠦ ᠪᠠᠶᠢᠳᠠᠯ ᠢ ᠪᠣᠶ ᠪᠣᠯᠭᠠᠵᠤ᠂ ᠣᠷᠣᠨ ᠤ ᠳᠣᠲᠣᠷᠠᠬᠢ ᠬᠠᠤᠯᠢ ᠪᠤᠰᠤ ᠪᠠᠷ ᠡᠵᠡᠩᠨᠡᠬᠦ ᠲᠡᠷᠭᠡ ᠬᠥᠰᠬᠡ ᠶᠢ ᠪᠦᠲᠦᠮᠵᠢᠲᠡᠶ ᠰᠦᠷᠳᠡᠭᠦᠯᠵᠦ᠂ ᠵᠠᠮ ᠬᠠᠷᠢᠯᠴᠠᠭᠠᠨ ᠤ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠬᠠᠤᠯᠢ ᠶᠣᠰᠣᠨ ᠤ ᠡᠵᠡᠩᠨᠡᠭᠴᠢ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ ︵ᠸᠧᠢ ᠯᠢ ᠵᠢᠶᠦ᠋ᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号