ᠲᠥᠷᠭᠡᠨ ᠬᠦᠷᠭᠡᠯᠲᠡ ᠶᠢ ᠳᠡᠭᠡᠳᠤ ᠬᠤᠷᠳᠤ ᠶᠢᠨ ᠲᠡᠮᠦᠷ ᠵᠠᠮ ᠢᠶᠠᠷ ᠲᠡᠭᠡᠭᠡᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/12
    11 ᠳ᠋ᠦ᠋ᠭᠡᠷ ᠰᠠᠷ᠎ᠠ ᠶᠢᠨ 5᠎ ᠤ ᠡᠳᠦᠷ ᠤᠨ ᠥᠷᠯᠥᠭᠡ ᠶᠢᠨ 5 ᠴᠠᠭ 22 ᠮᠢᠨᠦ᠋ᠲ ᠲᠤ᠂ 1350 ᠬᠤᠪᠢ ᠪᠠᠷᠠᠭ᠎ᠠ ᠲᠡᠭᠡᠭᠡᠭᠰᠡᠨ DJ5080 ᠤᠳᠠᠭ᠎ᠠ ᠶᠢᠨ ᠳᠡᠭᠡᠳᠤ ᠬᠤᠷᠳᠤ ᠶᠢᠨ ᠲᠡᠮᠦᠷ ᠵᠠᠮ ᠤᠨ ᠨᠤᠲᠠᠯᠠᠬᠤ ᠲᠡᠷᠭᠡ ᠬᠥᠬᠡᠬᠤᠲᠠ ᠶᠢᠨ ᠵᠡᠭᠦᠨ ᠥᠷᠲᠡᠭᠡ ᠠᠴᠠ ᠭᠠᠷᠴᠤ᠂ 2 ᠴᠠᠭ ᠭᠠᠷᠤᠢ ᠶᠠᠪᠤᠭᠠᠳ ᠪᠡᠭᠡᠵᠢᠩ ᠤᠨ ᠴᠢᠩ ᠾᠧ ᠥᠷᠲᠡᠭᠡ ᠳᠤ ᠬᠦᠷᠪᠡ᠂ ᠥᠪᠥᠷ ᠮᠣᠩᠭᠤᠯ ᠤᠨ ᠲᠠᠯ᠎ᠠ ᠨᠤᠲᠤᠭ ᠤᠨ ᠦᠬᠡᠷ ᠬᠤᠨᠢᠨ ᠮᠢᠬ᠎ᠠ᠂ ᠣᠨᠴᠠ ᠭᠠᠷᠤᠯᠲᠠ ᠪᠠ ᠠᠮᠢᠳᠤᠷᠠᠯ ᠤᠨ ᠡᠳ᠋ ᠪᠣᠳᠠᠰ ᠢ ᠲᠤᠬᠠᠶ ᠶᠢᠨ ᠡᠳᠦᠷ ᠲᠤ ᠨᠢ ᠠᠷᠠᠳ ᠣᠯᠠᠨ ᠤ ᠬᠡᠷ ᠲᠤ ᠬᠦᠷᠭᠡᠬᠦ ᠪᠣᠯᠤᠨ᠎ᠠ᠃
202411121720.jpg
     ᠲᠡᠮᠦᠷ ᠵᠠᠮ ᠤᠨ ᠲᠦᠷᠭᠡᠨ ᠲᠡᠭᠡᠭᠡᠪᠦᠷᠢ᠂ ᠬᠤᠣᠰ ᠠᠷᠪᠠᠨ ᠨᠢᠭᠡ ᠶᠢᠨ ᠰᠢᠨ᠎ᠡ ᠰᠣᠩᠭᠤᠯᠲᠠ︕     ᠡᠨᠡ ᠵᠢᠯ ᠤᠨ ︽ᠬᠤᠤᠰ 11︾᠎ ᠶᠢᠨ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠣᠷᠭᠢᠯ ᠤᠨ ᠬᠤᠭᠤᠴᠠᠭᠠᠨ ᠤ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠶᠯᠡᠴᠢᠯᠡᠭᠡ ᠨᠢᠭᠡᠨᠲᠡ ᠵᠢᠩᠬᠢᠨᠢ ᠪᠠᠷ ᠡᠬᠢᠯᠡᠵᠦ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠲᠠᠢ ᠬᠠᠮᠲᠤᠷᠠᠨ᠂ ᠳᠡᠭᠡᠳᠦ ᠬᠤᠷᠳᠤ ᠶᠢᠨ ᠲᠡᠮᠦᠷ ᠵᠠᠮ ᠪᠣᠯᠤᠨ ᠡᠩ ᠤᠨ ᠬᠤᠷᠳᠤᠴᠠᠲᠤ ᠭᠠᠯᠲᠤ ᠲᠡᠷᠭᠡᠨ ᠤ ᠲᠡᠭᠡᠭᠡᠪᠦᠷᠢ ᠶᠢᠨ ᠬᠦᠴᠦᠨ ᠢ ᠨᠠᠷᠢᠯᠢᠭ ᠣᠨᠣᠴᠠᠲᠠᠶ ᠪᠠᠷ ᠲᠣᠬᠢᠷᠠᠭᠤᠯᠪᠠ᠃ ᠬᠥᠬᠡᠬᠤᠲᠠ ᠠᠴᠠ ᠪᠡᠭᠡᠵᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠨᠤᠲᠠᠯᠠᠬᠤ ᠭᠠᠯᠲᠤ ᠲᠡᠷᠭᠡ ᠬᠢᠭᠡᠳ ᠠᠳᠠᠯᠢ ᠪᠤᠰᠤ ᠴᠠᠭ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠢᠯᠡᠭᠦᠴᠡ ᠣᠷᠣᠨ ᠵᠠᠶ ᠶᠢ ᠠᠰᠢᠭᠯᠠᠵᠤ᠂ ᠬᠦᠴᠦᠨ ᠲᠠᠢ ᠬᠤᠭᠤᠴᠠᠭ᠎ᠠ ᠶᠢᠨ ᠱᠠᠭᠠᠷᠳᠠᠯᠭ᠎ᠠ ᠨᠢ ᠥᠨᠳᠥᠷ ᠦᠢᠯᠡᠳᠬᠦᠨ ᠤ ᠲᠡᠭᠡᠭᠡᠪᠦᠷᠢ ᠶᠢᠨ ᠡᠭᠦᠷᠭᠡ ᠶᠢ ᠲᠤᠰᠬᠠᠢ ᠳᠠᠭᠠᠭᠠᠴᠢᠯᠠᠨ ᠠᠪᠴᠤ ᠪᠠᠶᠢᠨ᠎ᠠ᠃     ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠥᠬᠡᠬᠤᠲᠠ᠂ ᠪᠤᠭᠤᠲᠤ᠂ ᠤᠯᠠᠭᠠᠨᠴᠠᠪ᠂ ᠪᠠᠶᠠᠨᠨᠠᠭᠤᠷ ᠵᠡᠷᠭᠡ ᠬᠤᠲᠠ ᠳᠤ᠂ ᠡᠳᠦᠷ ᠪᠦᠷᠢ 34 ᠡᠭᠡᠯᠵᠢ ᠶᠢᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠲᠣᠬᠢᠷᠠᠭᠤᠯᠵᠤ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠶᠯᠡᠴᠢᠯᠡᠭᠡ ᠬᠠᠩᠭᠠᠬᠤ ᠶᠢᠨ ᠬᠠᠮᠲᠤ᠂ ᠪᠠᠰᠠ 9 ᠡᠭᠡᠯᠵᠢ ᠶᠢᠨ ᠡᠩ ᠤᠨ ᠬᠤᠷᠳᠤᠴᠠᠲᠤ ᠠᠶᠠᠨᠴᠢᠳ ᠤᠨ ᠴᠤᠪᠤᠭ᠎ᠠ ᠲᠡᠷᠭᠡ ᠶᠢᠨ ᠲᠡᠭᠡᠭᠡᠰᠢ ᠶᠢᠨ ᠸᠠᠭᠤᠨ ᠢ ᠠᠰᠢᠭᠯᠠᠨ ᠲᠦᠷᠭᠡᠨ ᠬᠦᠷᠭᠡᠬᠦ ᠵᠦᠶᠯ ᠢ ᠠᠴᠢᠶᠠᠯᠠᠨ ᠲᠡᠭᠡᠭᠡᠪᠦᠷᠢᠯᠡᠵᠦ ᠪᠠᠶᠢᠨ᠎ᠠ᠃ ᠵᠢᠱᠢᠯᠲᠡ ᠪᠠᠷ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠨᠢ 11 ᠰᠠᠷ᠎ᠠ ᠶᠢᠨ 1᠎ ᠤ ᠡᠳᠦᠷ ᠠᠴᠠ ᠡᠬᠢᠯᠡᠨ᠂ 20 ᠡᠳᠦᠷ ᠤᠨ ᠬᠤᠭᠤᠴᠠᠭ᠎ᠠ ᠲᠠᠢ ᠡᠯᠧᠺᠲᠷᠣᠨ ᠬᠤᠳᠠᠯᠳᠤᠭᠠᠨ ᠤ ᠠᠯᠲᠠᠨ ᠭᠠᠷᠠᠭ ᠤᠨ ᠬᠤᠭᠤᠴᠠᠭᠠᠨ ᠳᠤ᠂ ᠲᠦᠷᠭᠡᠨ ᠲᠡᠭᠡᠭᠡᠪᠦᠷᠢ ᠶᠢᠨ ᠪᠠᠷᠠᠭ᠎ᠠ ᠶᠢ ᠨᠡᠶᠢᠲᠡ 4.3 ᠲᠦᠮᠡᠨ ᠬᠤᠪᠢ ᠬᠦᠷᠭᠡᠵᠦ᠂ ᠶᠡᠷᠦᠩᠬᠡᠶ ᠬᠦᠨᠳᠦ ᠨᠢ 530 ᠲᠣᠨ ᠳᠤ ᠬᠥᠷᠬᠦ ᠪᠣᠯᠤᠨ᠎ᠠ᠃      ᠳᠡᠭᠡᠳᠤ ᠬᠤᠷᠳᠤ ᠶᠢᠨ ᠲᠡᠮᠦᠷ ᠵᠠᠮ ᠤᠨ ᠨᠤᠲᠠᠯᠠᠬᠤ ᠲᠡᠷᠭᠡ     ᠥᠷᠯᠥᠭᠡ ᠪᠦᠷᠢ᠂ ᠲᠦᠷᠦᠭᠦᠦ ᠡᠭᠡᠯᠵᠢ ᠶᠢᠨ ᠵᠢᠩᠬᠢᠨᠢ ᠠᠶᠠᠨᠴᠢᠨ ᠲᠡᠭᠡᠭᠡᠬᠦ ᠳᠡᠭᠡᠳᠤ ᠬᠤᠷᠳᠤ ᠶᠢᠨ ᠭᠠᠯᠲᠤ ᠲᠡᠷᠭᠡ ᠬᠥᠳᠡᠯᠬᠦ ᠠᠴᠠ ᠡᠮᠦᠨ᠎ᠡ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠲᠣᠭᠲᠠᠭᠰᠠᠨ ᠭᠠᠵᠠᠷ ᠤᠨ ᠬᠤᠭᠤᠷᠣᠨᠲᠤ ᠡᠵᠡᠩᠨᠡᠯᠲᠡ ᠶᠢᠨ ᠪᠠᠷᠢᠮᠵᠢᠶ᠎ᠠ ᠪᠠᠷ ᠠᠶᠠᠯᠠᠬᠤ ᠳᠡᠭᠡᠳᠤ ᠬᠤᠷᠳᠤ ᠶᠢᠨ ᠭᠠᠯᠲᠤ ᠲᠡᠷᠭᠡ ᠶᠢ ᠬᠤᠣᠰ ᠴᠢᠭᠯᠡᠯ ᠢᠶᠠᠷ ᠶᠠᠪᠤᠭᠤᠯᠳᠠᠭ᠃ ᠡᠨᠡ ᠡᠭᠡᠯᠵᠢ ᠶᠢᠨ ᠭᠠᠯᠲᠤ ᠲᠡᠷᠭᠡ ᠪᠣᠯ ᠳᠡᠭᠡᠳᠤ ᠬᠤᠷᠳᠤ ᠶᠢᠨ ᠨᠤᠲᠠᠯᠠᠬᠤ ᠲᠡᠷᠭᠡ ᠪᠣᠯᠣᠨ᠎ᠠ᠃      ᠬᠠᠮᠤᠭ ᠬᠤᠷᠳᠤᠨ ᠳᠤ ᠪᠠᠨ 4 ᠴᠠᠭ ᠬᠡᠷᠡᠭᠰᠡᠨ ᠲᠤᠰ ᠡᠳᠦᠷ ᠲᠤ ᠨᠢ ᠬᠦᠷᠭᠡᠨ᠎ᠡ    ᠥᠪᠥᠷ ᠮᠣᠩᠭᠤᠯ ᠤᠨ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠂ ᠦᠬᠡᠷ ᠬᠤᠨᠢᠨ ᠮᠢᠬ᠎ᠠ ᠰᠢᠨ᠎ᠡ ᠰᠣᠷᠭᠤᠭ ᠰᠢᠮ᠎ᠡ ᠲᠡᠵᠢᠭᠡᠯ ᠰᠠᠶᠢᠲᠠᠶ᠂ ᠴᠠᠭᠠᠨ ᠢᠳᠡᠭᠡᠨ ᠨᠢ ᠴᠡᠪᠡᠷ ᠥᠨᠳᠥᠷ ᠥᠷᠲᠡᠭ ᠲᠠᠢ ᠪᠠᠶᠢᠵᠤ᠂ ᠴᠥᠮ ᠬᠡᠷᠡᠭᠯᠡᠭᠴᠢᠳ ᠤᠨ ᠭᠦᠨ ᠬᠦᠷᠢᠶᠡᠯᠡᠯ ᠢ ᠣᠯᠪᠠ᠃ ᠡᠳᠡᠭᠡᠷ ᠲᠦᠭᠦᠬᠡᠶ ᠰᠢᠨ᠎ᠡ ᠢᠳᠡᠭᠡᠨ ᠢ ᠲᠦᠷᠭᠡᠨ᠂ ᠳᠣᠤᠷ᠎ᠠ ᠳᠤᠯᠠᠭᠠᠨ᠂ ᠠᠮᠤᠷ ᠲᠦᠪᠰᠢᠨ ᠢᠶᠠᠷ ᠲᠡᠭᠡᠭᠡᠪᠦᠷᠢᠯᠡᠬᠦ ᠴᠢᠬᠤᠯᠠᠲᠠᠢ ᠪᠣᠯᠬᠤᠷ ᠳᠡᠭᠡᠳᠤ ᠬᠤᠷᠳᠤ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ᠬᠦᠴᠦᠲᠡᠶ ᠪᠠᠲᠤᠯᠠᠭ᠎ᠠ ᠬᠠᠩᠭᠠᠪᠠ᠃     ᠥᠪᠥᠷ ᠮᠣᠩᠭᠤᠯ ᠣᠷᠣᠨ ᠤ ᠥᠪᠡᠷᠮᠢᠴᠡ ᠣᠨᠴᠠᠯᠢᠭ ᠲᠠᠢ ᠰᠢᠨ᠎ᠡ ᠰᠣᠷᠭᠤᠭ ᠪᠠ ᠳᠡᠭᠡᠳᠦ ᠲᠠᠰ ᠤᠨ ᠡᠮ ᠡᠮᠨᠡᠯᠭᠡ ᠶᠢᠨ ᠦᠶᠯᠡᠳᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠳᠤ ᠴᠢᠭᠯᠡᠭᠦᠯᠦᠨ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ︽ᠬᠦᠶᠲᠡᠨ ᠰᠣᠷᠭᠤᠭ ᠢᠶᠠᠷ ᠲᠡᠭᠡᠭᠡᠪᠦᠷᠢᠯᠡᠬᠦ︾᠂ ︽ᠲᠣᠭᠲᠠᠮᠠᠯ ᠳᠤᠯᠠᠭᠠᠨ ᠎ ᠢᠶᠠᠷ ᠬᠦᠷᠭᠡᠬᠦ︾ ᠪᠠ ︽ᠲᠣᠭᠲᠠᠭᠰᠠᠨ ᠴᠠᠭ ᠲᠤ ᠬᠦᠷᠭᠡᠬᠦ︾ ᠵᠡᠷᠭᠡ ᠥᠪᠡᠷᠮᠢᠴᠡ ᠣᠨᠴᠠᠯᠢᠭ ᠲᠠᠢ ᠲᠦᠷᠭᠡᠨ ᠲᠡᠭᠡᠭᠡᠪᠦᠷᠢ ᠶᠢᠨ ᠪᠠᠷᠠᠭᠠᠨ ᠤ  ᠭᠦᠢᠯᠭᠡᠭᠡ ᠶᠢᠨ ᠦᠶᠯᠡᠳᠬᠦᠨ ᠭᠠᠷᠭᠠᠵᠤ᠂ ᠭᠠᠭᠴᠠ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠨᠢ ᠡᠳᠦᠷ ᠪᠦᠷᠢ 15 ᠲᠣᠨ ᠰᠢᠬᠠᠮ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠠᠪᠤᠭᠤᠯᠵᠤ ᠪᠣᠯᠤᠨ᠎ᠠ᠃
202411121521.jpg
     ᠠᠮᠢᠳᠤᠯᠢᠭ ᠣᠯᠠᠨ ᠶᠠᠩᠵᠤ ᠶᠢᠨ ᠪᠠᠷᠠᠭ᠎ᠠ ᠶᠠᠪᠤᠭᠤᠯᠬᠤ᠂ ᠪᠠᠷᠠᠭ᠎ᠠ ᠠᠪᠬᠤ ᠠᠷᠭ᠎ᠠ ᠮᠠᠶ᠋ᠢᠭ      ᠪᠠᠷᠠᠭ᠎ᠠ ᠶᠠᠪᠤᠭᠤᠯᠬᠤ ᠪᠠ ᠪᠠᠷᠠᠭ᠎ᠠ ᠠᠪᠬᠤ ᠲᠠᠯ᠎ᠠ ᠪᠠᠷ᠂ ᠳᠡᠭᠡᠳᠤ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ᠪᠠᠰᠠ ᠠᠮᠢᠳᠤᠯᠢᠭ ᠪᠥᠭᠡᠳ ᠣᠯᠠᠨ ᠶᠠᠩᠵᠤ ᠶᠢᠨ ᠦᠶᠯᠡᠴᠢᠯᠡᠭᠡᠨ ᠤ ᠠᠷᠭ᠎ᠠ ᠮᠠᠶ᠋ᠢᠭ ᠢ ᠬᠠᠩᠭᠠᠵᠤ᠂ ᠪᠠᠷᠠᠭ᠎ᠠ ᠶᠠᠪᠤᠭᠤᠯᠤᠭᠴᠢ ᠨᠢ ᠲᠤᠬᠠᠶ ᠶᠢᠨ ᠭᠠᠵᠠᠷ ᠤᠨ ᠡᠯ᠎ᠡ ᠡᠵᠡᠩᠨᠡᠯᠲᠡ ᠶᠢᠨ ᠬᠡᠯᠲᠡᠰ ᠲᠤ ᠬᠦᠷᠴᠦ ᠪᠠᠷᠠᠭ᠎ᠠ ᠶᠠᠪᠤᠭᠤᠯᠬᠤ ᠶᠢ ᠰᠣᠩᠭᠤᠵᠤ ᠪᠣᠯᠤᠨ᠎ᠠ᠂ ᠪᠠᠰᠠ ᠸᠢᠴᠠᠲ ᠤᠨ ᠵᠢᠵᠢᠭ ᠫᠷᠤᠭ᠍ᠷᠠᠮ ᠢᠶᠠᠷ ᠵᠠᠬᠢᠶᠠᠯᠠᠭ᠎ᠠ ᠪᠠᠭᠤᠯᠭᠠᠵᠤ ᠬᠡᠷ ᠲᠤ ᠨᠢ ᠬᠦᠷᠴᠦ ᠪᠠᠷᠠᠭ᠎ᠠ ᠠᠪᠬᠤ ᠦᠶᠯᠡᠴᠢᠯᠡᠭᠡ ᠶᠢ ᠰᠣᠩᠭᠤᠵᠤ ᠪᠣᠯᠤᠨ᠎ᠠ᠂ ᠪᠠᠷᠠᠭ᠎ᠠ ᠭᠥᠯᠢᠶᠡᠨ ᠠᠪᠤᠭᠴᠢ ᠨᠢ ᠥᠪᠡᠰᠦᠪᠡᠨ ᠭᠠᠷᠭᠠᠵᠤ ᠠᠪᠬᠤ᠂ ᠣᠷᠣᠯᠠᠨ ᠭᠥᠯᠢᠶᠡᠨ ᠠᠪᠬᠤ ᠪᠤᠶᠤ ᠪᠠᠷᠠᠭ᠎ᠠ ᠶᠢ ᠬᠡᠷ ᠲᠤ ᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠰᠣᠩᠭᠤᠵᠤ᠂ ᠠᠳᠠᠯᠢ ᠪᠤᠰᠤ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃     ᠳᠡᠭᠡᠳᠤ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠠᠵᠢᠯ ᠢ ᠭᠦᠶᠴᠡᠳᠬᠡᠬᠦ ᠦᠶᠡᠰ᠂ ᠬᠠᠮᠢᠶ᠎ᠠ ᠪᠦᠬᠦᠢ ᠪᠡᠶ᠎ᠡ ᠶᠢᠨ ᠦᠨᠡᠮᠯᠡᠯ ᠪᠠ ᠪᠠᠷᠠᠭ᠎ᠠ ᠶᠢᠨ ᠮᠡᠳᠡᠭᠡ ᠵᠠᠩᠭᠢ ᠶᠢ ᠬᠠᠩᠭᠠᠵᠤ᠂ ᠲᠡᠭᠡᠭᠡᠪᠦᠷᠢ ᠶᠢᠨ ᠠᠮᠤᠷ ᠲᠦᠪᠰᠢᠨ ᠪᠠ ᠣᠨᠣᠪᠴᠢᠲᠤ ᠴᠢᠨᠠᠷ ᠢ ᠪᠠᠲᠤᠯᠠᠨ᠎ᠠ᠃      ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠥᠬᠡᠬᠤᠲᠠ ᠎ ᠶᠢᠨ ᠬᠤᠪᠢᠶᠠᠷᠢ ᠺᠣᠮᠫᠠᠨᠢ ᠪᠠᠰᠠ ᠪᠤᠰᠤᠳ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠲᠠᠢ ᠬᠠᠮᠲᠤᠷᠠᠭᠰᠠᠨ ᠲᠡᠭᠡᠭᠡᠪᠦᠷᠢ ᠶᠢ ᠢᠳᠡᠪᠬᠢᠲᠡᠶ ᠭᠦᠨᠵᠡᠭᠡᠶᠢᠷᠡᠭᠦᠯᠵᠦ᠂ ᠦᠶᠯᠡᠳᠪᠦᠷᠢᠯᠡᠵᠦ ᠦᠶᠯᠡᠳᠬᠦ ᠲᠦᠷᠦᠭᠦᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ ᠪᠥᠬᠦ ᠶᠠᠪᠤᠴᠠ ᠶᠢᠨ ᠪᠠᠷᠠᠭᠠᠨ ᠤ ᠭᠦᠶᠯᠭᠡᠭᠡ ᠶᠢᠨ ᠨᠢᠭᠡ ᠴᠣᠭᠴᠠᠵᠢᠭᠰᠠᠨ ᠦᠶᠯᠡᠴᠢᠯᠡᠭᠡᠨ ᠎ ᠤ ᠵᠠᠭᠪᠤᠷ ᠢ ᠪᠠᠶᠢᠭᠤᠯᠪᠠ᠃             
 
ᠢᠷᠡᠯᠲᠡ᠄ ᠲᠠᠯ᠎ᠠ ᠨᠤᠲᠤᠭ ᠤᠨ ᠲᠡᠮᠦᠷ ᠵᠠᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号