ᠲᠥᠷᠭᠡᠨ ᠬᠦᠷᠭᠡᠯᠲᠡ ᠶᠢ ᠳᠡᠭᠡᠳᠤ ᠬᠤᠷᠳᠤ ᠶᠢᠨ ᠲᠡᠮᠦᠷ ᠵᠠᠮ ᠢᠶᠠᠷ ᠲᠡᠭᠡᠭᠡᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/12
    11 ᠳ᠋ᠦ᠋ᠭᠡᠷ ᠰᠠᠷ᠎ᠠ ᠶᠢᠨ 5 ᠤ ᠡᠳᠦᠷ ᠤᠨ ᠥᠷᠯᠥᠭᠡ ᠶᠢᠨ 5 ᠴᠠᠭ 22 ᠮᠢᠨᠦ᠋ᠲ ᠲᠤ᠂ 1350 ᠬᠤᠪᠢ ᠪᠠᠷᠠᠭ᠎ᠠ ᠲᠡᠭᠡᠭᠡᠭᠰᠡᠨ DJ5080 ᠤᠳᠠᠭ᠎ᠠ ᠶᠢᠨ ᠳᠡᠭᠡᠳᠤ ᠬᠤᠷᠳᠤ ᠶᠢᠨ ᠲᠡᠮᠦᠷ ᠵᠠᠮ ᠤᠨ ᠨᠤᠲᠠᠯᠠᠬᠤ ᠲᠡᠷᠭᠡ ᠬᠥᠬᠡᠬᠤᠲᠠ ᠶᠢᠨ ᠵᠡᠭᠦᠨ ᠥᠷᠲᠡᠭᠡ ᠠᠴᠠ ᠭᠠᠷᠴᠤ᠂ 2 ᠴᠠᠭ ᠭᠠᠷᠤᠢ ᠶᠠᠪᠤᠭᠠᠳ ᠪᠡᠭᠡᠵᠢᠩ ᠤᠨ ᠴᠢᠩ ᠾᠧ ᠥᠷᠲᠡᠭᠡ ᠳᠤ ᠬᠦᠷᠪᠡ᠂ ᠥᠪᠥᠷ ᠮᠣᠩᠭᠤᠯ ᠤᠨ ᠲᠠᠯ᠎ᠠ ᠨᠤᠲᠤᠭ ᠤᠨ ᠦᠬᠡᠷ ᠬᠤᠨᠢᠨ ᠮᠢᠬ᠎ᠠ᠂ ᠣᠨᠴᠠ ᠭᠠᠷᠤᠯᠲᠠ ᠪᠠ ᠠᠮᠢᠳᠤᠷᠠᠯ ᠤᠨ ᠡᠳ᠋ ᠪᠣᠳᠠᠰ ᠢ ᠲᠤᠬᠠᠶ ᠶᠢᠨ ᠡᠳᠦᠷ ᠲᠤ ᠨᠢ ᠠᠷᠠᠳ ᠣᠯᠠᠨ ᠤ ᠬᠡᠷ ᠲᠤ ᠬᠦᠷᠭᠡᠬᠦ ᠪᠣᠯᠤᠨ᠎ᠠ᠃
202411121720.jpg
     ᠲᠡᠮᠦᠷ ᠵᠠᠮ ᠤᠨ ᠲᠦᠷᠭᠡᠨ ᠲᠡᠭᠡᠭᠡᠪᠦᠷᠢ᠂ ᠬᠤᠣᠰ ᠠᠷᠪᠠᠨ ᠨᠢᠭᠡ ᠶᠢᠨ ᠰᠢᠨ᠎ᠡ ᠰᠣᠩᠭᠤᠯᠲᠠ︕     ᠡᠨᠡ ᠵᠢᠯ ᠤᠨ ︽ᠬᠤᠤᠰ 11︾ ᠶᠢᠨ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠣᠷᠭᠢᠯ ᠤᠨ ᠬᠤᠭᠤᠴᠠᠭᠠᠨ ᠤ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠶᠯᠡᠴᠢᠯᠡᠭᠡ ᠨᠢᠭᠡᠨᠲᠡ ᠵᠢᠩᠬᠢᠨᠢ ᠪᠠᠷ ᠡᠬᠢᠯᠡᠵᠦ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠲᠠᠢ ᠬᠠᠮᠲᠤᠷᠠᠨ᠂ ᠳᠡᠭᠡᠳᠦ ᠬᠤᠷᠳᠤ ᠶᠢᠨ ᠲᠡᠮᠦᠷ ᠵᠠᠮ ᠪᠣᠯᠤᠨ ᠡᠩ ᠤᠨ ᠬᠤᠷᠳᠤᠴᠠᠲᠤ ᠭᠠᠯᠲᠤ ᠲᠡᠷᠭᠡᠨ ᠤ ᠲᠡᠭᠡᠭᠡᠪᠦᠷᠢ ᠶᠢᠨ ᠬᠦᠴᠦᠨ ᠢ ᠨᠠᠷᠢᠯᠢᠭ ᠣᠨᠣᠴᠠᠲᠠᠶ ᠪᠠᠷ ᠲᠣᠬᠢᠷᠠᠭᠤᠯᠪᠠ᠃ ᠬᠥᠬᠡᠬᠤᠲᠠ ᠠᠴᠠ ᠪᠡᠭᠡᠵᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠨᠤᠲᠠᠯᠠᠬᠤ ᠭᠠᠯᠲᠤ ᠲᠡᠷᠭᠡ ᠬᠢᠭᠡᠳ ᠠᠳᠠᠯᠢ ᠪᠤᠰᠤ ᠴᠠᠭ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠢᠯᠡᠭᠦᠴᠡ ᠣᠷᠣᠨ ᠵᠠᠶ ᠶᠢ ᠠᠰᠢᠭᠯᠠᠵᠤ᠂ ᠬᠦᠴᠦᠨ ᠲᠠᠢ ᠬᠤᠭᠤᠴᠠᠭ᠎ᠠ ᠶᠢᠨ ᠱᠠᠭᠠᠷᠳᠠᠯᠭ᠎ᠠ ᠨᠢ ᠥᠨᠳᠥᠷ ᠦᠢᠯᠡᠳᠬᠦᠨ ᠤ ᠲᠡᠭᠡᠭᠡᠪᠦᠷᠢ ᠶᠢᠨ ᠡᠭᠦᠷᠭᠡ ᠶᠢ ᠲᠤᠰᠬᠠᠢ ᠳᠠᠭᠠᠭᠠᠴᠢᠯᠠᠨ ᠠᠪᠴᠤ ᠪᠠᠶᠢᠨ᠎ᠠ᠃     ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠥᠬᠡᠬᠤᠲᠠ᠂ ᠪᠤᠭᠤᠲᠤ᠂ ᠤᠯᠠᠭᠠᠨᠴᠠᠪ᠂ ᠪᠠᠶᠠᠨᠨᠠᠭᠤᠷ ᠵᠡᠷᠭᠡ ᠬᠤᠲᠠ ᠳᠤ᠂ ᠡᠳᠦᠷ ᠪᠦᠷᠢ 34 ᠡᠭᠡᠯᠵᠢ ᠶᠢᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠲᠣᠬᠢᠷᠠᠭᠤᠯᠵᠤ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠶᠯᠡᠴᠢᠯᠡᠭᠡ ᠬᠠᠩᠭᠠᠬᠤ ᠶᠢᠨ ᠬᠠᠮᠲᠤ᠂ ᠪᠠᠰᠠ 9 ᠡᠭᠡᠯᠵᠢ ᠶᠢᠨ ᠡᠩ ᠤᠨ ᠬᠤᠷᠳᠤᠴᠠᠲᠤ ᠠᠶᠠᠨᠴᠢᠳ ᠤᠨ ᠴᠤᠪᠤᠭ᠎ᠠ ᠲᠡᠷᠭᠡ ᠶᠢᠨ ᠲᠡᠭᠡᠭᠡᠰᠢ ᠶᠢᠨ ᠸᠠᠭᠤᠨ ᠢ ᠠᠰᠢᠭᠯᠠᠨ ᠲᠦᠷᠭᠡᠨ ᠬᠦᠷᠭᠡᠬᠦ ᠵᠦᠶᠯ ᠢ ᠠᠴᠢᠶᠠᠯᠠᠨ ᠲᠡᠭᠡᠭᠡᠪᠦᠷᠢᠯᠡᠵᠦ ᠪᠠᠶᠢᠨ᠎ᠠ᠃ ᠵᠢᠱᠢᠯᠲᠡ ᠪᠠᠷ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠨᠢ 11 ᠰᠠᠷ᠎ᠠ ᠶᠢᠨ 1 ᠤ ᠡᠳᠦᠷ ᠠᠴᠠ ᠡᠬᠢᠯᠡᠨ᠂ 20 ᠡᠳᠦᠷ ᠤᠨ ᠬᠤᠭᠤᠴᠠᠭ᠎ᠠ ᠲᠠᠢ ᠡᠯᠧᠺᠲᠷᠣᠨ ᠬᠤᠳᠠᠯᠳᠤᠭᠠᠨ ᠤ ᠠᠯᠲᠠᠨ ᠭᠠᠷᠠᠭ ᠤᠨ ᠬᠤᠭᠤᠴᠠᠭᠠᠨ ᠳᠤ᠂ ᠲᠦᠷᠭᠡᠨ ᠲᠡᠭᠡᠭᠡᠪᠦᠷᠢ ᠶᠢᠨ ᠪᠠᠷᠠᠭ᠎ᠠ ᠶᠢ ᠨᠡᠶᠢᠲᠡ 4.3 ᠲᠦᠮᠡᠨ ᠬᠤᠪᠢ ᠬᠦᠷᠭᠡᠵᠦ᠂ ᠶᠡᠷᠦᠩᠬᠡᠶ ᠬᠦᠨᠳᠦ ᠨᠢ 530 ᠲᠣᠨ ᠳᠤ ᠬᠥᠷᠬᠦ ᠪᠣᠯᠤᠨ᠎ᠠ᠃      ᠳᠡᠭᠡᠳᠤ ᠬᠤᠷᠳᠤ ᠶᠢᠨ ᠲᠡᠮᠦᠷ ᠵᠠᠮ ᠤᠨ ᠨᠤᠲᠠᠯᠠᠬᠤ ᠲᠡᠷᠭᠡ     ᠥᠷᠯᠥᠭᠡ ᠪᠦᠷᠢ᠂ ᠲᠦᠷᠦᠭᠦᠦ ᠡᠭᠡᠯᠵᠢ ᠶᠢᠨ ᠵᠢᠩᠬᠢᠨᠢ ᠠᠶᠠᠨᠴᠢᠨ ᠲᠡᠭᠡᠭᠡᠬᠦ ᠳᠡᠭᠡᠳᠤ ᠬᠤᠷᠳᠤ ᠶᠢᠨ ᠭᠠᠯᠲᠤ ᠲᠡᠷᠭᠡ ᠬᠥᠳᠡᠯᠬᠦ ᠠᠴᠠ ᠡᠮᠦᠨ᠎ᠡ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠲᠣᠭᠲᠠᠭᠰᠠᠨ ᠭᠠᠵᠠᠷ ᠤᠨ ᠬᠤᠭᠤᠷᠣᠨᠲᠤ ᠡᠵᠡᠩᠨᠡᠯᠲᠡ ᠶᠢᠨ ᠪᠠᠷᠢᠮᠵᠢᠶ᠎ᠠ ᠪᠠᠷ ᠠᠶᠠᠯᠠᠬᠤ ᠳᠡᠭᠡᠳᠤ ᠬᠤᠷᠳᠤ ᠶᠢᠨ ᠭᠠᠯᠲᠤ ᠲᠡᠷᠭᠡ ᠶᠢ ᠬᠤᠣᠰ ᠴᠢᠭᠯᠡᠯ ᠢᠶᠠᠷ ᠶᠠᠪᠤᠭᠤᠯᠳᠠᠭ᠃ ᠡᠨᠡ ᠡᠭᠡᠯᠵᠢ ᠶᠢᠨ ᠭᠠᠯᠲᠤ ᠲᠡᠷᠭᠡ ᠪᠣᠯ ᠳᠡᠭᠡᠳᠤ ᠬᠤᠷᠳᠤ ᠶᠢᠨ ᠨᠤᠲᠠᠯᠠᠬᠤ ᠲᠡᠷᠭᠡ ᠪᠣᠯᠣᠨ᠎ᠠ᠃      ᠬᠠᠮᠤᠭ ᠬᠤᠷᠳᠤᠨ ᠳᠤ ᠪᠠᠨ 4 ᠴᠠᠭ ᠬᠡᠷᠡᠭᠰᠡᠨ ᠲᠤᠰ ᠡᠳᠦᠷ ᠲᠤ ᠨᠢ ᠬᠦᠷᠭᠡᠨ᠎ᠡ    ᠥᠪᠥᠷ ᠮᠣᠩᠭᠤᠯ ᠤᠨ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠂ ᠦᠬᠡᠷ ᠬᠤᠨᠢᠨ ᠮᠢᠬ᠎ᠠ ᠰᠢᠨ᠎ᠡ ᠰᠣᠷᠭᠤᠭ ᠰᠢᠮ᠎ᠡ ᠲᠡᠵᠢᠭᠡᠯ ᠰᠠᠶᠢᠲᠠᠶ᠂ ᠴᠠᠭᠠᠨ ᠢᠳᠡᠭᠡᠨ ᠨᠢ ᠴᠡᠪᠡᠷ ᠥᠨᠳᠥᠷ ᠥᠷᠲᠡᠭ ᠲᠠᠢ ᠪᠠᠶᠢᠵᠤ᠂ ᠴᠥᠮ ᠬᠡᠷᠡᠭᠯᠡᠭᠴᠢᠳ ᠤᠨ ᠭᠦᠨ ᠬᠦᠷᠢᠶᠡᠯᠡᠯ ᠢ ᠣᠯᠪᠠ᠃ ᠡᠳᠡᠭᠡᠷ ᠲᠦᠭᠦᠬᠡᠶ ᠰᠢᠨ᠎ᠡ ᠢᠳᠡᠭᠡᠨ ᠢ ᠲᠦᠷᠭᠡᠨ᠂ ᠳᠣᠤᠷ᠎ᠠ ᠳᠤᠯᠠᠭᠠᠨ᠂ ᠠᠮᠤᠷ ᠲᠦᠪᠰᠢᠨ ᠢᠶᠠᠷ ᠲᠡᠭᠡᠭᠡᠪᠦᠷᠢᠯᠡᠬᠦ ᠴᠢᠬᠤᠯᠠᠲᠠᠢ ᠪᠣᠯᠬᠤᠷ ᠳᠡᠭᠡᠳᠤ ᠬᠤᠷᠳᠤ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ᠬᠦᠴᠦᠲᠡᠶ ᠪᠠᠲᠤᠯᠠᠭ᠎ᠠ ᠬᠠᠩᠭᠠᠪᠠ᠃     ᠥᠪᠥᠷ ᠮᠣᠩᠭᠤᠯ ᠣᠷᠣᠨ ᠤ ᠥᠪᠡᠷᠮᠢᠴᠡ ᠣᠨᠴᠠᠯᠢᠭ ᠲᠠᠢ ᠰᠢᠨ᠎ᠡ ᠰᠣᠷᠭᠤᠭ ᠪᠠ ᠳᠡᠭᠡᠳᠦ ᠲᠠᠰ ᠤᠨ ᠡᠮ ᠡᠮᠨᠡᠯᠭᠡ ᠶᠢᠨ ᠦᠶᠯᠡᠳᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠳᠤ ᠴᠢᠭᠯᠡᠭᠦᠯᠦᠨ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ︽ᠬᠦᠶᠲᠡᠨ ᠰᠣᠷᠭᠤᠭ ᠢᠶᠠᠷ ᠲᠡᠭᠡᠭᠡᠪᠦᠷᠢᠯᠡᠬᠦ︾᠂ ︽ᠲᠣᠭᠲᠠᠮᠠᠯ ᠳᠤᠯᠠᠭᠠᠨ  ᠢᠶᠠᠷ ᠬᠦᠷᠭᠡᠬᠦ︾ ᠪᠠ ︽ᠲᠣᠭᠲᠠᠭᠰᠠᠨ ᠴᠠᠭ ᠲᠤ ᠬᠦᠷᠭᠡᠬᠦ︾ ᠵᠡᠷᠭᠡ ᠥᠪᠡᠷᠮᠢᠴᠡ ᠣᠨᠴᠠᠯᠢᠭ ᠲᠠᠢ ᠲᠦᠷᠭᠡᠨ ᠲᠡᠭᠡᠭᠡᠪᠦᠷᠢ ᠶᠢᠨ ᠪᠠᠷᠠᠭᠠᠨ ᠤ  ᠭᠦᠢᠯᠭᠡᠭᠡ ᠶᠢᠨ ᠦᠶᠯᠡᠳᠬᠦᠨ ᠭᠠᠷᠭᠠᠵᠤ᠂ ᠭᠠᠭᠴᠠ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠨᠢ ᠡᠳᠦᠷ ᠪᠦᠷᠢ 15 ᠲᠣᠨ ᠰᠢᠬᠠᠮ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠶᠠᠪᠤᠭᠤᠯᠵᠤ ᠪᠣᠯᠤᠨ᠎ᠠ᠃
202411121521.jpg
     ᠠᠮᠢᠳᠤᠯᠢᠭ ᠣᠯᠠᠨ ᠶᠠᠩᠵᠤ ᠶᠢᠨ ᠪᠠᠷᠠᠭ᠎ᠠ ᠶᠠᠪᠤᠭᠤᠯᠬᠤ᠂ ᠪᠠᠷᠠᠭ᠎ᠠ ᠠᠪᠬᠤ ᠠᠷᠭ᠎ᠠ ᠮᠠᠶ᠋ᠢᠭ      ᠪᠠᠷᠠᠭ᠎ᠠ ᠶᠠᠪᠤᠭᠤᠯᠬᠤ ᠪᠠ ᠪᠠᠷᠠᠭ᠎ᠠ ᠠᠪᠬᠤ ᠲᠠᠯ᠎ᠠ ᠪᠠᠷ᠂ ᠳᠡᠭᠡᠳᠤ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠨᠢ ᠪᠠᠰᠠ ᠠᠮᠢᠳᠤᠯᠢᠭ ᠪᠥᠭᠡᠳ ᠣᠯᠠᠨ ᠶᠠᠩᠵᠤ ᠶᠢᠨ ᠦᠶᠯᠡᠴᠢᠯᠡᠭᠡᠨ ᠤ ᠠᠷᠭ᠎ᠠ ᠮᠠᠶ᠋ᠢᠭ ᠢ ᠬᠠᠩᠭᠠᠵᠤ᠂ ᠪᠠᠷᠠᠭ᠎ᠠ ᠶᠠᠪᠤᠭᠤᠯᠤᠭᠴᠢ ᠨᠢ ᠲᠤᠬᠠᠶ ᠶᠢᠨ ᠭᠠᠵᠠᠷ ᠤᠨ ᠡᠯ᠎ᠡ ᠡᠵᠡᠩᠨᠡᠯᠲᠡ ᠶᠢᠨ ᠬᠡᠯᠲᠡᠰ ᠲᠤ ᠬᠦᠷᠴᠦ ᠪᠠᠷᠠᠭ᠎ᠠ ᠶᠠᠪᠤᠭᠤᠯᠬᠤ ᠶᠢ ᠰᠣᠩᠭᠤᠵᠤ ᠪᠣᠯᠤᠨ᠎ᠠ᠂ ᠪᠠᠰᠠ ᠸᠢᠴᠠᠲ ᠤᠨ ᠵᠢᠵᠢᠭ ᠫᠷᠤᠭ᠍ᠷᠠᠮ ᠢᠶᠠᠷ ᠵᠠᠬᠢᠶᠠᠯᠠᠭ᠎ᠠ ᠪᠠᠭᠤᠯᠭᠠᠵᠤ ᠬᠡᠷ ᠲᠤ ᠨᠢ ᠬᠦᠷᠴᠦ ᠪᠠᠷᠠᠭ᠎ᠠ ᠠᠪᠬᠤ ᠦᠶᠯᠡᠴᠢᠯᠡᠭᠡ ᠶᠢ ᠰᠣᠩᠭᠤᠵᠤ ᠪᠣᠯᠤᠨ᠎ᠠ᠂ ᠪᠠᠷᠠᠭ᠎ᠠ ᠭᠥᠯᠢᠶᠡᠨ ᠠᠪᠤᠭᠴᠢ ᠨᠢ ᠥᠪᠡᠰᠦᠪᠡᠨ ᠭᠠᠷᠭᠠᠵᠤ ᠠᠪᠬᠤ᠂ ᠣᠷᠣᠯᠠᠨ ᠭᠥᠯᠢᠶᠡᠨ ᠠᠪᠬᠤ ᠪᠤᠶᠤ ᠪᠠᠷᠠᠭ᠎ᠠ ᠶᠢ ᠬᠡᠷ ᠲᠤ ᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠰᠣᠩᠭᠤᠵᠤ᠂ ᠠᠳᠠᠯᠢ ᠪᠤᠰᠤ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃     ᠳᠡᠭᠡᠳᠤ ᠬᠤᠷᠳᠤ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠠᠵᠢᠯ ᠢ ᠭᠦᠶᠴᠡᠳᠬᠡᠬᠦ ᠦᠶᠡᠰ᠂ ᠬᠠᠮᠢᠶ᠎ᠠ ᠪᠦᠬᠦᠢ ᠪᠡᠶ᠎ᠡ ᠶᠢᠨ ᠦᠨᠡᠮᠯᠡᠯ ᠪᠠ ᠪᠠᠷᠠᠭ᠎ᠠ ᠶᠢᠨ ᠮᠡᠳᠡᠭᠡ ᠵᠠᠩᠭᠢ ᠶᠢ ᠬᠠᠩᠭᠠᠵᠤ᠂ ᠲᠡᠭᠡᠭᠡᠪᠦᠷᠢ ᠶᠢᠨ ᠠᠮᠤᠷ ᠲᠦᠪᠰᠢᠨ ᠪᠠ ᠣᠨᠣᠪᠴᠢᠲᠤ ᠴᠢᠨᠠᠷ ᠢ ᠪᠠᠲᠤᠯᠠᠨ᠎ᠠ᠃      ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠥᠬᠡᠬᠤᠲᠠ  ᠶᠢᠨ ᠬᠤᠪᠢᠶᠠᠷᠢ ᠺᠣᠮᠫᠠᠨᠢ ᠪᠠᠰᠠ ᠪᠤᠰᠤᠳ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠲᠠᠢ ᠬᠠᠮᠲᠤᠷᠠᠭᠰᠠᠨ ᠲᠡᠭᠡᠭᠡᠪᠦᠷᠢ ᠶᠢ ᠢᠳᠡᠪᠬᠢᠲᠡᠶ ᠭᠦᠨᠵᠡᠭᠡᠶᠢᠷᠡᠭᠦᠯᠵᠦ᠂ ᠦᠶᠯᠡᠳᠪᠦᠷᠢᠯᠡᠵᠦ ᠦᠶᠯᠡᠳᠬᠦ ᠲᠦᠷᠦᠭᠦᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ ᠪᠥᠬᠦ ᠶᠠᠪᠤᠴᠠ ᠶᠢᠨ ᠪᠠᠷᠠᠭᠠᠨ ᠤ ᠭᠦᠶᠯᠭᠡᠭᠡ ᠶᠢᠨ ᠨᠢᠭᠡ ᠴᠣᠭᠴᠠᠵᠢᠭᠰᠠᠨ ᠦᠶᠯᠡᠴᠢᠯᠡᠭᠡᠨ  ᠤ ᠵᠠᠭᠪᠤᠷ ᠢ ᠪᠠᠶᠢᠭᠤᠯᠪᠠ᠃             
 
ᠢᠷᠡᠯᠲᠡ᠄ ᠲᠠᠯ᠎ᠠ ᠨᠤᠲᠤᠭ ᠤᠨ ᠲᠡᠮᠦᠷ ᠵᠠᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号